ᠮᠣᠩᠭᠤᠯ᠂ ᠹᠢᠨᠯᠠᠨᠳ᠋ ᠤᠨ ᠵᠠᠰᠠᠭ ᠤᠨ ᠭᠠᠵᠠᠷ ᠬᠤᠭᠤᠷᠤᠨᠳᠤ ᠶᠢᠨ ᠺᠣᠮᠢᠰ ᠬᠤᠷᠠᠯᠳᠤᠪᠠ | News.MN

 ᠮᠣᠩᠭᠤᠯ᠂ ᠹᠢᠨᠯᠠᠨᠳ᠋ ᠤᠨ ᠵᠠᠰᠠᠭ ᠤᠨ ᠭᠠᠵᠠᠷ ᠬᠤᠭᠤᠷᠤᠨᠳᠤ ᠶᠢᠨ ᠺᠣᠮᠢᠰ ᠬᠤᠷᠠᠯᠳᠤᠪᠠ

ᠡᠳ᠋ ᠤᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ ᠤᠨ ᠬᠠᠮᠲᠤ ᠶᠢᠨ ᠠᠵᠢᠯᠯᠠᠭᠠᠨ ᠤ ᠮᠣᠩᠭᠤᠯ᠂ ᠹᠢᠨᠯᠠᠨᠳ᠋ ᠤᠨ ᠵᠠᠰᠠᠭ ᠤᠨ ᠭᠠᠵᠠᠷ ᠬᠤᠭᠤᠷᠤᠨᠳᠤ ᠶᠢᠨ ᠺᠣᠮᠢᠰ ᠤᠨ ᠠᠷᠪᠠᠨ ᠳᠥᠷᠪᠡᠳᠦᠭᠡᠷ ᠬᠤᠷᠠᠯᠳᠤᠭᠠᠨ 10 ᠳ᠋ᠤᠭᠠᠷ ᠰᠠᠷ᠎ᠠ ᠶᠢᠨ 17 ᠤ ᠡᠳᠦᠷ ᠤᠯᠠᠭᠠᠨᠪᠠᠭᠠᠲᠤᠷ ᠬᠤᠲᠠᠨ᠎ᠠ ᠪᠣᠯᠪᠠ᠃ ᠬᠤᠷᠠᠯᠳᠤᠭᠠᠨ ᠢ  ᠮᠣᠩᠭᠣᠯ ᠤᠨ ᠲᠠᠯ᠎ᠠ ᠠᠴᠠ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠶᠢᠳ ᠯ᠊ · ᠡᠩᠬᠡ ᠠᠮᠦᠭᠤᠯᠡᠩ᠂ ᠹᠢᠨᠯᠠᠨᠳ᠋ ᠤᠨ ᠲᠠᠯ᠎ᠠ ᠠᠴᠠ ᠭᠠᠳᠠᠭᠠᠳᠤ ᠬᠡᠷᠡᠭ ᠤᠨ ᠶᠠᠮᠤᠨ ᠤ ᠭᠠᠳᠠᠭᠠᠳᠤ ᠬᠤᠳᠠᠯᠳᠤᠭ᠎ᠠ᠂ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭ᠎ᠠ ᠬᠠᠷᠢᠭᠤᠴᠠᠭᠰᠠᠨ ᠲᠥᠷᠦ ᠶᠢᠨ ᠨᠡᠷᠢᠠ ᠪᠢᠴᠢᠭ ᠤᠨ ᠳᠠᠷᠤᠭ᠎ᠠ ᠨᠢᠨᠠ  ᠸᠠᠰᠺᠤᠨᠯᠠᠲ᠋ᠢ ᠨᠠᠷ  ᠲᠡᠷᠢᠭᠦᠯᠡᠪᠡ᠃
ᠬᠤᠶᠠᠷ ᠲᠠᠯ᠎ᠠ  ᠲᠠᠬᠤᠯ ᠤᠨ ᠲᠡᠷᠡᠭᠠᠬᠢ ᠡᠳ᠋ ᠤᠨ ᠵᠠᠰᠠᠭ ᠤᠨ ᠬᠠᠷᠢᠯᠴᠠᠭ᠎ᠠ ᠶᠢ ᠰᠡᠷᠭᠦᠭᠡᠬᠦ᠂ ᠢᠯᠠᠩᠭᠤᠶ᠎ᠠ᠂ ᠬᠤᠳᠠᠯᠳᠤᠭ᠎ᠠ᠂ ᠬᠥᠷᠥᠩᠭᠡ ᠣᠷᠤᠭᠤᠯᠤᠯᠲᠠ᠂ ᠪᠠᠶᠢᠭᠠᠯᠢ ᠣᠷᠴᠢᠨ᠂ ᠣᠢ ᠶᠢᠨ ᠠᠵᠤ ᠠᠬᠤᠶ᠂ ᠰᠡᠷᠭᠦᠭᠡᠭᠳᠡᠬᠦ ᠡᠷᠴᠢᠮ ᠬᠦᠴᠦ᠂ ᠰᠤᠶᠦᠯ᠂ ᠪᠣᠯᠪᠠᠰᠤᠷᠠᠯ᠂ ᠮᠡᠳᠡᠭᠡᠯᠡᠯ ᠤᠨ ᠲᠧᠭᠨᠣᠯᠣᠭᠢ᠂  ᠠᠭᠤᠯᠠ ᠠᠭᠤᠷᠬᠠᠢ ᠵᠡᠷᠭᠡ ᠰᠠᠯᠪᠤᠷᠢ ᠳᠤ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠲᠠᠯ᠎ᠠ ᠪᠠᠷ ᠶᠠᠷᠢᠯᠴᠠᠵᠤ᠂ ᠠᠭᠤᠯᠵᠠᠯᠲᠠ ᠶᠢᠨ ᠳ᠋ᠦᠩ ᠢᠶᠠᠷ ᠬᠠᠮᠲᠤᠷᠠᠭᠰᠠᠨ ᠫᠷᠣᠲ᠋ᠣᠻᠣᠯ ᠪᠠᠶᠢᠭᠤᠯᠪᠠ᠃

ᠰᠡᠳᠬᠢᠭᠳᠡᠯ ᠦᠯᠡᠳᠡᠭᠡᠬᠦ