︽ᠭᠠᠵᠠᠷ ᠤᠨ ᠲᠤᠬᠠᠶ︾ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠲᠥᠰᠥᠯ ᠢ ᠪᠤᠴᠠᠭᠠᠪᠠ | News.MN

︽ᠭᠠᠵᠠᠷ ᠤᠨ ᠲᠤᠬᠠᠶ︾ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠲᠥᠰᠥᠯ ᠢ ᠪᠤᠴᠠᠭᠠᠪᠠ

ᠤᠯᠤᠰ ᠤᠨ ᠶᠡᠭᠡ ᠬᠤᠷᠠᠯ ᠤᠨ ᠪᠠᠶᠢᠭᠠᠯᠢ ᠣᠷᠴᠢᠨ᠂ ᠬᠦᠨᠡᠰᠦ᠂ ᠬᠥᠳᠡᠭᠡ ᠠᠵᠤ ᠠᠬᠤᠢ ᠶᠢᠨ ᠪᠠᠶᠢᠩᠭᠤ ᠶᠢᠨ ᠬᠤᠷᠢᠶᠠᠨ ᠤ ᠥᠴᠥᠭᠡᠳᠦᠷ ᠤᠨ ᠬᠤᠷᠠᠯᠳᠤᠭᠠᠨ ᠢᠶᠠᠷ︽ᠭᠠᠵᠠᠷ ᠤᠨ ᠲᠤᠬᠠᠶ︾ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠲᠤᠬᠠᠶ᠂︽ᠮᠣᠩᠭᠤᠯ ᠤᠯᠤᠰ ᠤᠨ ᠢᠷᠭᠡᠨ ᠳᠤ ᠭᠠᠵᠠᠷ ᠥᠮᠴᠢᠯᠡᠭᠦᠯᠬᠦ ᠲᠤᠬᠠᠶ︾ ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠲᠤᠬᠠᠶ ᠬᠠᠤᠯᠢ ᠶᠢᠨ ᠲᠥᠰᠥᠯ ᠤᠳ ᠤᠨ ᠠᠩᠬᠠᠨ ᠤ ᠬᠡᠯᠡᠯᠴᠡᠭᠦᠯᠭᠡ ᠶᠢ ᠶᠠᠪᠤᠭᠤᠯᠤᠯ᠎ᠠ᠃
︽ ᠭᠠᠵᠠᠷ ᠤᠨ ᠲᠤᠬᠠᠶ︾ᠬᠠᠤᠯᠢ ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠲᠥᠰᠥᠯ ᠳᠤ᠄︽… ᠨᠡᠶᠢᠰᠯᠡᠯ ᠠᠴᠠ ᠰᠢᠯᠵᠢᠨ ᠰᠠᠭᠤᠷᠢᠰᠢᠬᠤ ᠢᠷᠭᠡᠠ᠂ ᠠᠵᠤ ᠠᠬᠤᠢ ᠶᠢᠨ ᠨᠢᠭᠡᠴᠢ ᠳᠤ ᠣᠯᠭᠤᠬᠤ ᠭᠠᠵᠠᠷ ᠲᠤᠬᠠᠢ ᠶᠢᠨ ᠵᠢᠯ ᠳᠤ ᠨᠡᠶᠢᠲᠡ ᠣᠯᠭᠤᠬᠤ ᠭᠠᠵᠠᠷ ᠤᠨ 20 ᠬᠤᠪᠢ ᠠᠴᠠ ᠳᠣᠭᠤᠭᠰᠢ ᠦᠭᠡᠶ ᠪᠠᠶᠢᠬᠤ ᠪᠠᠷ ᠲᠤᠰᠬᠠᠭᠰᠠᠨ ᠪᠠᠶᠢᠨ᠎ᠡ…︾ᠭᠡᠵᠡᠢ᠃ ᠡᠨᠡ ᠨᠢ ᠣᠷᠣᠨ ᠨᠤᠲᠤᠭ ᠤᠨ ᠭᠠᠵᠠᠷ ᠤᠨ ᠬᠠᠷᠢᠯᠴᠠᠭᠠᠨ ᠳᠤ ᠬᠦᠨᠳᠦᠷᠡᠯ ᠡᠭᠦᠰᠬᠡᠵᠦ ᠪᠣᠯᠵᠣᠰᠢ ᠦᠭᠡᠢ ᠶᠢ ᠭᠡᠰᠢᠭᠦᠳ ᠰᠠᠨᠠᠭᠤᠯᠪᠠ᠃

ᠬᠠᠤᠯᠢ ᠶᠢᠨ ᠲᠥᠰᠥᠯ ᠤᠳ ᠢ ᠮᠣᠩᠭᠤᠯ ᠤᠯᠤᠰ ᠤᠨ︽2023 ᠣᠨ ᠤ ᠲᠥᠰᠦᠪ ᠤᠨ ᠲᠤᠬᠠᠶ︾ᠬᠠᠤᠯᠢ ᠶᠢᠨ ᠲᠦᠰᠦᠯ ᠲᠠᠢ ᠬᠠᠮᠲᠤ ᠬᠡᠯᠡᠯᠴᠡᠬᠦ ᠱᠠᠭᠠᠷᠳᠠᠯᠭ᠎ᠠ ᠦᠭᠡᠶ᠃ ᠵᠠᠰᠠᠭ ᠤᠨ ᠭᠠᠵᠠᠷ ᠠᠴᠠ ᠡᠷᠭᠦᠨ ᠮᠡᠳᠡᠭᠦᠯᠦᠭᠰᠡᠨ ᠭᠠᠵᠠᠷ ᠤᠨ ᠪᠠᠭᠴᠠ ᠬᠠᠤᠯᠢ ᠶᠢᠨ ᠲᠥᠰᠥᠯ ᠢ ᠬᠡᠯᠡᠯᠴᠡᠬᠦ ᠦᠶ᠎ᠡ ᠳᠡᠭᠡᠨ ᠨᠢᠭᠡᠳᠬᠡᠨ ᠬᠡᠯᠡᠯᠴᠡᠬᠦ ᠨᠢ ᠵᠦᠢᠲᠠᠢ ᠭᠡᠵᠦ ᠪᠠᠶᠢᠩᠭᠤ ᠶᠢᠨ ᠬᠤᠷᠢᠶᠠᠨ ᠤ ᠬᠤᠷᠠᠯ ᠳᠤ ᠣᠷᠣᠯᠴᠠᠭᠰᠠᠨ ᠭᠡᠰᠢᠭᠦᠳ  ᠦᠵᠡᠭᠡᠳ ᠬᠠᠤᠯᠢ ᠶᠢᠨ ᠲᠥᠰᠥᠯ ᠢ ᠬᠠᠤᠯᠢ ᠰᠠᠨᠠᠭᠠᠴᠢᠯᠠᠭᠴᠢ ᠳᠤ ᠪᠤᠴᠠᠭᠠᠬᠤ ᠨᠢ ᠵᠦᠢᠲᠠᠢ ᠭᠡᠵᠦ ᠦᠵᠡᠵᠡᠢ᠃

ᠰᠡᠳᠬᠢᠭᠳᠡᠯ ᠦᠯᠡᠳᠡᠭᠡᠬᠦ