ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠤᠨ ᠡᠷᠭᠡ ᠠᠰᠢᠭ ᠢ ᠬᠠᠮᠠᠭᠠᠯᠠᠨ᠎ᠠ | News.MN

ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠤᠨ ᠡᠷᠭᠡ ᠠᠰᠢᠭ ᠢ ᠬᠠᠮᠠᠭᠠᠯᠠᠨ᠎ᠠ

ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ 2022 ᠣᠨ ᠤ ᠠᠷᠪᠠᠳᠤᠭᠠᠷ ᠰᠠᠷ᠎ᠠ ᠶᠢᠨ 19  ᠳᠤ ᠪᠣᠯᠵᠤ᠂ ᠮᠣᠩᠭᠤᠯ ᠤᠯᠤᠰ ᠤᠨ ᠶᠡᠷᠦᠩᠬᠡᠶ ᠰᠠᠶᠢᠳ ᠤᠨ 2021 ᠣᠨ ᠤ ᠵᠠᠬᠢᠷᠤᠮᠵᠢ ᠪᠠᠷ ᠪᠠᠶᠢᠭᠤᠯᠤᠭᠳᠠᠭᠰᠠᠨ︽ᠭᠠᠳᠠᠭᠠᠳᠤ ᠶᠢᠨ ᠬᠥᠷᠥᠩᠭᠡ ᠣᠷᠣᠭᠤᠯᠤᠭᠴᠢᠳ ᠤᠨ ᠡᠷᠭᠡ ᠠᠰᠢᠭ ᠢ ᠬᠠᠮᠡᠭᠠᠯᠡᠬᠤ ᠠᠰᠠᠭᠤᠳᠠᠯ ᠢᠶᠠᠷ ᠰᠠᠨᠠᠯ ᠳ᠋ᠦᠩᠨᠡᠯᠲᠡ ᠭᠠᠷᠭᠠᠬᠤ︾ᠡᠭᠦᠷᠭᠡ  ᠪᠦᠬᠦᠢ ᠠᠵᠢᠯ ᠤᠨ ᠬᠡᠰᠡᠭ ᠤᠨ ᠬᠢᠵᠦ ᠭᠦᠢᠴᠡᠳᠬᠡᠭᠰᠡᠨ ᠠᠵᠢᠯ ᠤᠨ ᠲᠠᠯ᠎ᠠ ᠪᠠᠷ ᠵᠠᠰᠠᠭ ᠤᠨ ᠭᠠᠵᠠᠷ ᠤᠨ ᠬᠤᠷᠠᠯᠳᠤᠭᠠᠨ ᠳᠤ ᠲᠠᠨᠢᠯᠴᠠᠭᠤᠯᠤᠯ᠎ᠠ᠃
ᠭᠠᠳᠠᠭᠠᠳᠤ ᠶᠢᠨ ᠬᠥᠷᠥᠩᠭᠡ ᠣᠷᠤᠭᠤᠯᠤᠯᠲᠠ ᠲᠠᠢ ᠬᠠᠤᠯᠢ ᠶᠢᠨ ᠡᠲᠡᠭᠡᠳ ᠲᠥᠷᠦ ᠶᠢᠨ ᠦᠢᠯᠡᠴᠢᠯᠡᠭᠡ ᠠᠪᠬᠤ᠂ ᠦᠶᠯᠡ ᠠᠵᠢᠯᠯᠠᠭ᠎ᠠ ᠶᠠᠪᠤᠭᠤᠯᠬᠤ ᠳᠤ ᠲᠤᠯᠭᠠᠮᠳᠠᠵᠤ ᠪᠤᠶ ᠠᠰᠠᠭᠤᠳᠠᠯ ᠢᠶᠠᠷ ᠲᠤᠰ ᠠᠵᠢᠯ ᠤᠨ ᠬᠡᠰᠡᠭ ᠠᠴᠠ ᠭᠠᠷᠭᠠᠭᠰᠠᠨ ᠳ᠋ᠦᠩᠨᠡᠯᠲᠡ ᠳᠤ᠄
ᠰᠢᠢᠳᠪᠦᠷᠢ᠂ ᠲᠣᠭᠲᠠᠭᠠᠯ ᠪᠤᠰᠤᠳ ᠪᠢᠴᠢᠭ ᠪᠠᠷᠢᠮᠲᠠ ᠨᠢ ᠭᠠᠳᠠᠭᠠᠳᠤ ᠤᠯᠤᠰ ᠠᠴᠠ ᠪᠠᠲᠤᠯᠠᠭᠠᠵᠢᠵᠦ ᠢᠷᠡᠬᠦ ᠳᠤ ᠪᠠᠨ ᠬᠠᠤᠯᠢ ᠶᠢᠨ ᠡᠲᠡᠭᠡᠳ ᠤᠨ ᠤᠯᠤᠰ ᠤᠨ ᠪᠦᠷᠢᠳᠬᠡᠯ ᠲᠤᠬᠠᠶ ᠬᠠᠤᠯᠢ ᠳᠤ ᠵᠢᠭᠠᠭᠰᠠᠨ 15 ᠬᠤᠨᠤᠭ ᠤᠨ ᠬᠤᠭᠤᠴᠠᠭ᠎ᠠ ᠬᠡᠲᠦᠷᠡᠭᠰᠡᠨ ᠪᠠᠶᠢᠳᠠᠭ᠂
ᠠᠰᠢᠭᠲᠤ ᠮᠠᠯᠲᠠᠮᠠᠯ ᠤᠨ ᠲᠤᠰᠬᠠᠶ ᠵᠥᠪᠰᠢᠶᠡᠷᠡᠯ ᠢ ᠦᠨᠡᠯᠡᠬᠦ᠂ ᠲᠣᠭᠠᠴᠠᠬᠤ᠂ ᠲᠤᠰᠬᠠᠶ ᠵᠥᠪᠰᠢᠶᠡᠷᠡᠯ ᠰᠢᠯᠵᠢᠭᠦᠯᠦᠭᠰᠡᠨ ᠤ ᠣᠷᠣᠯᠭ᠎ᠠ ᠳᠤ ᠠᠯᠪᠠᠨ ᠲᠠᠲᠠᠪᠤᠷᠢ ᠨᠣᠭᠳᠠᠭᠤᠯᠬᠤ ᠠᠷᠭᠠᠴᠢᠯᠠᠯ ᠣᠶᠢᠯᠠᠭᠠᠮᠵᠢ ᠦᠭᠡᠢ᠃
ᠭᠤᠮᠤᠳᠠᠯ᠂ ᠮᠠᠷᠭᠤᠭᠠᠨ ᠰᠶᠢᠳᠪᠦᠷᠢᠯᠡᠯᠲᠡ ᠤᠳᠠᠭᠠᠰᠢᠷᠠᠯ ᠲᠠᠢ᠂ ᠬᠤᠭᠤᠴᠠᠭᠠᠨ ᠳᠤ ᠪᠠᠨ ᠰᠢᠢᠳᠪᠤᠷᠢᠯᠡᠭᠳᠡᠬᠦ ᠦᠭᠡᠢ᠂ ᠲᠣᠳᠤᠷᠬᠠᠶ ᠬᠠᠷᠢᠭᠤ ᠥᠭᠳᠡᠭ ᠦᠭᠡᠢ ᠭᠡᠬᠦᠴᠢᠯᠡᠨ ᠭᠠᠷᠴᠠᠢ᠃
 

ᠰᠡᠳᠬᠢᠭᠳᠡᠯ ᠦᠯᠡᠳᠡᠭᠡᠬᠦ