ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠤ ᠳᠠᠷᠠᠭ᠎ᠠ ᠡᠷᠳᠡᠨᠢᠲᠦ ᠦᠢᠯᠡᠳᠪᠦᠷᠢ ᠶᠢᠨ 49 ᠬᠤᠪᠢ ᠲᠠᠢ ᠬᠣᠯᠪᠣᠭ᠎ᠠ ᠲᠠᠢ ᠠᠵᠢᠯ ᠤᠨ ᠶᠠᠪᠤᠴᠠ ᠶᠢᠨ ᠲᠠᠯ᠎ᠠ ᠪᠠᠷ ᠰᠠᠩ ᠤᠨ ᠰᠠᠶᠢᠳ ᠪ ∙ ᠵᠢᠪᠬᠤᠯᠠᠩ ᠮᠡᠳᠡᠭᠡᠯᠡᠯ ᠥᠭᠭᠦᠯ᠎ᠡ᠃
ᠰᠠᠩ ᠤᠨ ᠰᠠᠶᠢᠳ ᠪ ∙ ᠵᠢᠪᠬᠤᠯᠠᠩ᠄ ᠠᠩᠬ᠎ᠠ 2017 ᠣᠨ ᠳᠤ ᠤᠯᠤᠰ ᠤᠨ ᠶᠡᠬᠡ ᠬᠤᠷᠠᠯ ᠤᠨ 223 ᠳ᠋ᠤᠭᠠᠷ ᠲᠣᠭᠲᠠᠭᠠᠯ ᠭᠠᠷᠴᠤ᠂ 《ᠡᠷᠳᠡᠨᠢᠲᠦ ᠦᠢᠯᠡᠳᠪᠦᠷᠢ》 ᠶᠢ ᠵᠠᠭᠤᠨ ᠬᠤᠪᠢ ᠤᠯᠤᠰ ᠤᠨ ᠥᠮᠴᠢ ᠪᠣᠯᠭᠠᠬᠤ ᠡᠭᠦᠷᠭᠡ ᠶᠢ ᠵᠠᠰᠠᠭ ᠤᠨ ᠭᠠᠵᠠᠷ ᠲᠤ ᠥᠭᠭᠦᠭᠰᠡᠨ᠃ ᠨᠥᠭᠥᠭᠡ ᠲᠠᠯ᠎ᠠ ᠠᠴᠠ ᠮᠠᠷᠭᠤᠭᠠᠨ ᠡᠭᠦᠰᠭᠡᠵᠦ᠂ ᠵᠠᠬᠢᠷᠭᠠᠨ ᠤ᠂ ᠪᠣᠯᠤᠨ ᠢᠷᠭᠡᠨ ᠦ ᠰᠢᠭᠦᠬᠦ ᠪᠡᠷ ᠳᠡᠭᠡᠳᠦ ᠱᠠᠲᠤᠨ ᠤ ᠰᠢᠭᠦᠬᠦ ᠬᠦᠷᠲᠡᠯ᠎ᠡ ᠶᠠᠪᠤᠭᠰᠠᠨ᠃ ᠬᠠᠷᠠᠮᠰᠠᠯᠲᠠᠢ ᠨᠢ ᠱᠠᠲᠤ ᠪᠦᠷᠢ ᠳᠦ ᠨᠢ ᠬᠡᠯᠡᠴᠡᠯ ᠬᠢᠭᠡ ᠦᠭᠡᠢ ᠭᠡᠳᠡᠭ ᠦᠨᠳᠦᠰᠦᠯᠡᠯ ᠢᠶᠡᠷ ᠵᠠᠰᠠᠭ ᠤᠨ ᠭᠠᠵᠠᠷ ᠢᠯᠠᠭᠳᠠᠵᠤ ᠪᠠᠶᠢᠭᠰᠠᠨ᠃ ᠬᠡᠯᠡᠴᠡᠯ ᠬᠢᠬᠦ ᠪᠣᠯᠤᠮᠵᠢ ᠪᠥᠷᠢᠳᠦᠭᠡ ᠦᠭᠡᠢ ᠶᠠᠪᠤᠵᠤ ᠪᠠᠶᠢᠭᠰᠠᠨ᠃ ᠥᠩᠭᠡᠷᠡᠭᠰᠡᠨ ᠣᠨ ᠤ 12 ᠳ᠋ᠤᠭᠠᠷ ᠰᠠᠷ᠎ᠠ ᠳᠤ ᠮᠠᠨ ᠤ ᠲᠠᠯ᠎ᠠ ᠬᠡᠯᠡᠴᠡᠯ ᠬᠢᠬᠦ ᠰᠠᠨᠠᠯ ᠲᠠᠯᠪᠢᠵᠤ᠂ ᠬᠣᠶᠠᠷ ᠲᠠᠯ᠎ᠠ ᠬᠡᠳᠦ ᠬᠡᠳᠦᠨ ᠤᠳᠠᠭ᠎ᠠ ᠠᠭᠤᠯᠵᠠᠵᠤ᠂ ᠬᠡᠯᠡᠴᠡᠯ ᠬᠢᠭᠰᠡᠨ᠃ ᠢᠩᠭᠢᠭᠡᠳ ᠬᠣᠶᠠᠷ ᠤᠳᠠᠭ᠎ᠠ ᠶᠢᠨ ᠬᠡᠯᠡᠴᠡᠯ ᠬᠢᠭᠰᠡᠨ ᠢᠶᠡᠷ ᠨᠡᠶᠢᠲᠡ ᠳᠦ ᠪᠡᠨ 647 ᠲᠡᠷᠪᠤᠮ ᠲᠥᠭᠥᠷᠢᠭ ᠦᠨ ᠬᠠᠷᠢᠯᠴᠠᠨ ᠰᠠᠭᠤᠳᠬᠠᠬᠤ ᠭᠦᠢᠯᠭᠡᠭᠡ ᠬᠢᠭᠳᠡᠭᠰᠡᠨ᠃ ᠬᠡᠯᠡᠴᠡᠯ ᠦᠷᠭᠦᠯᠵᠢᠯᠡᠵᠦ ᠪᠤᠢ ᠭᠡᠯᠡ᠃