ᠦᠨᠡᠲᠦ ᠴᠠᠭᠠᠰᠤᠨ ᠤ ᠬᠤᠷᠢᠶᠠᠳ ᠤᠨ ᠣᠯᠠᠨ ᠤᠯᠤᠰ ᠤᠨ ᠪᠠᠶᠢᠭᠤᠯᠤᠯᠭ᠎ᠠ ᠶᠢᠨ 47 ᠳᠠᠬᠢ ᠵᠢᠯ ᠤᠨ ᠲᠠᠶᠢᠯᠤᠨ ᠤ ᠬᠤᠷᠠᠯ ᠳᠤ ᠰᠠᠩᠬᠦᠦ ᠶᠢᠨ ᠵᠤᠬᠢᠴᠠᠭᠤᠯᠬᠤ ᠬᠤᠷᠢᠶᠠᠨ ᠤ ᠳᠠᠷᠤᠭ᠎ᠠ ᠳ᠋᠊·ᠪᠠᠶᠠᠷᠰᠠᠶᠢᠬᠠᠨ ᠮᠣᠩᠭᠤᠯ ᠤᠯᠤᠰ ᠢ ᠲᠥᠯᠥᠭᠡᠯᠡᠨ ᠣᠷᠣᠯᠴᠠᠵᠤ ᠪᠠᠶᠢᠨ᠎ᠡ᠃
ᠲᠠᠶᠢᠯᠤᠨ ᠤ ᠬᠤᠷᠠᠯ ᠤᠨ ᠦᠶ᠎ᠡ ᠪᠠᠷ ᠠᠽᠢᠶ᠎ᠠ᠂ ᠨᠤᠮᠦᠬᠠᠠ ᠳᠠᠯᠠᠢ ᠶᠢᠨ ᠪᠦᠰᠡ ᠶᠢᠨ ᠬᠤᠷᠢᠶᠠᠨ ᠤ ᠳᠡᠳ᠋ ᠬᠤᠷᠠᠯ ᠪᠣᠯᠵᠤ ᠬᠢᠯᠢ ᠳᠠᠮᠨᠠᠭᠰᠠᠨ ᠬᠢᠨᠠᠯᠲᠠ ᠰᠢᠯᠭᠠᠯᠲᠠ ᠶᠢᠨ ᠴᠢᠭᠯᠡᠯ ᠢᠶᠠᠷ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠵᠦ᠂ ᠭᠠᠵᠠᠷ ᠳᠡᠭᠡᠷᠡᠬᠢ ᠬᠢᠨᠠᠯᠲᠠ ᠰᠢᠯᠭᠠᠯᠲᠠ ᠶᠢ ᠬᠠᠮᠲᠤᠷᠠᠨ ᠬᠡᠷᠡᠭᠵᠢᠭᠦᠯᠬᠦ ᠪᠠᠷ︽ᠬᠢᠨᠠᠯᠲᠠ ᠰᠢᠯᠭᠠᠯᠲᠠ ᠶᠢᠨ ᠬᠠᠮᠲᠤ ᠶᠢᠨ ᠠᠵᠢᠯᠯᠠᠭᠠᠨ ᠤ ᠣᠯᠠᠨ ᠲᠠᠯᠠᠲᠤ ᠰᠠᠨᠠᠮᠵᠢ ᠪᠢᠴᠢᠭ︾ ᠲᠤ ᠰᠢᠨ᠎ᠡ ᠪᠠᠷ 12 ᠭᠡᠰᠢᠭᠦᠨ ᠪᠠᠶᠢᠭᠤᠯᠤᠯᠭ᠎ᠠ ᠨᠢᠭᠡᠳᠦᠯ᠎ᠡ᠃ ᠡᠭᠦᠨ ᠦ ᠨᠢᠭᠡ ᠨᠢ ᠮᠤᠩᠭᠤᠯ ᠤᠯᠤᠰ ᠶᠤᠮ᠃