ᠦᠨᠳᠦᠰᠦᠨ ᠤ ᠴᠢᠭᠤᠯᠭᠠᠨ ᠢ ᠶᠡᠷᠦᠩᠬᠡᠶᠢᠯᠡᠭᠴᠢ ᠨᠡᠭᠡᠭᠡᠨ᠎ᠡ | News.MN

ᠦᠨᠳᠦᠰᠦᠨ ᠤ ᠴᠢᠭᠤᠯᠭᠠᠨ ᠢ ᠶᠡᠷᠦᠩᠬᠡᠶᠢᠯᠡᠭᠴᠢ ᠨᠡᠭᠡᠭᠡᠨ᠎ᠡ

︽ᠬᠦᠨᠡᠰᠦᠨ ᠤ ᠬᠠᠩᠭᠠᠮᠵᠢ ᠠᠶᠤᠯᠭᠦᠢ ᠪᠠᠶᠢᠳᠠᠯ᠂ ᠮᠠᠯ ᠠᠵᠤ ᠠᠬᠤᠶ︾ᠰᠡᠳᠦᠪᠲᠤ ᠦᠨᠳᠦᠰᠦᠨ ᠤ ᠴᠢᠭᠤᠯᠭᠠᠨ ᠥᠨᠥᠳᠥᠷ ᠲᠥᠷᠦ ᠶᠢᠨ ᠣᠷᠳᠣᠨ ᠤ ᠶᠡᠭᠡ ᠲᠠᠩᠬᠢᠮ ᠳᠤ ᠪᠤᠯᠵᠤ᠂ ᠮᠣᠩᠭᠤᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠴᠢᠭᠤᠯᠭᠠᠨ ᠢ ᠨᠡᠭᠡᠭᠡᠵᠦ ᠦᠭᠡ ᠭᠡᠯᠡᠬᠦ ᠶᠤᠮ᠃ ᠴᠢᠭᠤᠯᠭᠠᠨ ᠢᠶᠠᠷ︽ ᠬᠦᠨᠡᠰᠦ ᠬᠦᠳᠡᠭᠡ ᠠᠵᠤ ᠠᠬᠤᠢ  ᠶᠢᠨ ᠰᠠᠯᠪᠤᠷᠢ ᠶᠢᠨ ᠡᠷᠭᠡ ᠵᠦᠢ ᠶᠢᠨ ᠣᠷᠴᠢᠨ︾᠂︽ᠬᠦᠨᠡᠰᠦᠨ ᠤ ᠬᠠᠩᠭᠠᠮᠵᠢ᠂ ᠠᠶᠤᠯᠭᠦᠢ ᠪᠠᠶᠢᠳᠠᠯ᠂ ᠮᠠᠯ ᠠᠵᠤ ᠠᠬᠤᠶ︾᠂︽ᠮᠠᠯᠴᠢᠳ ᠤᠨ ᠨᠡᠶᠢᠭᠡᠮ ᠤᠨ ᠬᠠᠮᠠᠭᠠᠯᠠᠯ︾᠂︽ᠮᠠᠯ ᠠᠮᠢᠲᠠᠨ ᠢ ᠬᠠᠯᠳᠠᠪᠤᠷᠢᠲᠤ ᠡᠪᠡᠳᠴᠢᠨ ᠠᠴᠠ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠭᠦᠯᠬᠦ ᠴᠣᠭᠴᠠ ᠠᠷᠭ᠎ᠠ ᠭᠡᠮᠵᠢᠶ᠎ᠠ︾᠂︽ᠮᠠᠯ ᠠᠵᠤ ᠠᠬᠤᠢ ᠶᠢᠨ ᠢᠷᠡᠭᠡᠳᠦᠶ︾᠂︽ᠮᠠᠯ ᠠᠵᠤ ᠠᠬᠤᠢ ᠶᠢᠨ ᠰᠠᠯᠪᠤᠷᠢ ᠶᠢᠨ ᠬᠥᠮᠥᠨ ᠤ ᠨᠥᠭᠡᠴᠡ︾᠂︽ᠬᠤᠪᠢ ᠶᠢᠨ ᠮᠠᠯ ᠡᠮᠨᠡᠯᠭᠡ ᠶᠢᠨ ᠥᠨᠦ ᠶᠢᠨ ᠪᠠᠶᠢᠳᠠᠯ︾᠂︽ ᠠᠷᠠᠰᠤ ᠰᠢᠷᠢ᠂ ᠮᠢᠬ᠎ᠠ᠂ ᠰᠦ ᠪᠡᠯᠡᠳᠬᠡᠬᠦ᠂ ᠪᠣᠯᠪᠠᠰᠤᠷᠠᠭᠤᠯᠬᠤ᠂ ᠨᠡᠶᠢᠯᠡᠭᠦᠯᠬᠦ ᠳᠤ ᠲᠤᠯᠭᠠᠮᠳᠠᠵᠤ ᠪᠤᠶ ᠠᠰᠠᠭᠤᠳᠠᠯ︾ᠵᠡᠷᠭᠡ ᠰᠡᠳᠦᠪ ᠢᠶᠠᠷ ᠢᠯᠡᠳᠬᠡᠯ ᠰᠣᠨᠣᠰᠴᠤ᠂ ᠬᠡᠯᠡᠯᠴᠡᠬᠦ ᠶᠤᠮ᠃
ᠶᠡᠷᠦᠩᠬᠡᠶᠢᠯᠡᠭᠴᠢ ᠢᠷᠡᠬᠦ ᠲᠠᠪᠤᠨ ᠵᠢᠯ ᠳᠤ ᠭᠤᠣᠯ ᠨᠡᠷ᠎ᠡ ᠶᠢᠨ 19 ᠨᠡᠷ᠎ᠡ ᠲᠥᠷᠥᠯ ᠤᠨ ᠬᠦᠨᠡᠰᠦᠨ ᠤ ᠪᠦᠲᠦᠭᠡᠭᠳᠡᠬᠦᠨ ᠢᠶᠠᠷ ᠳᠣᠲᠣᠭᠠᠳᠤ ᠶᠢᠨ ᠬᠡᠷᠡᠭᠴᠡᠭᠡ ᠪᠠᠨ ᠪᠦᠷᠢᠠ ᠬᠠᠩᠭᠠᠬᠤ ᠵᠣᠷᠢᠯᠭ᠎ᠠ ᠪᠠᠷ︽ᠬᠦᠨᠡᠰᠦᠨ ᠤ ᠬᠠᠩᠭᠠᠮᠵᠢ᠂ ᠠᠶᠤᠯᠭᠦᠢ ᠪᠠᠶᠢᠳᠠᠯ︾ᠦᠨᠳᠦᠰᠦᠨ ᠤ ᠬᠥᠳᠡᠯᠭᠡᠭᠡᠨ ᠢ ᠣᠷᠣᠨ ᠳᠠᠶᠠᠭᠠᠷ ᠥᠷᠨᠢᠭᠦᠯᠬᠦ ᠰᠠᠨᠠᠭᠠᠴᠢᠯᠠᠭ᠎ᠠ ᠭᠠᠷᠭᠠᠭᠰᠠᠨ ᠶᠤᠮ᠃

ᠰᠡᠳᠬᠢᠭᠳᠡᠯ ᠦᠯᠡᠳᠡᠭᠡᠬᠦ