ᠣᠨ ᠤ ᠰᠢᠯᠢᠳᠡᠭ ᠪᠦᠲᠦᠭᠡᠯ ᠤᠨ ᠦᠵᠡᠰᠬᠦᠯᠡᠩ ᠭᠠᠷᠴᠤ ᠪᠠᠶᠢᠨ᠎ᠡ | News.MN

 ᠣᠨ ᠤ ᠰᠢᠯᠢᠳᠡᠭ ᠪᠦᠲᠦᠭᠡᠯ ᠤᠨ ᠦᠵᠡᠰᠬᠦᠯᠡᠩ ᠭᠠᠷᠴᠤ ᠪᠠᠶᠢᠨ᠎ᠡ

ᠰᠢᠯᠢᠳᠡᠭ ᠪᠦᠲᠦᠭᠡᠯ ᠢ ᠰᠢᠯᠭᠠᠷᠠᠭᠤᠯᠵᠤ᠂ ᠤᠯᠤᠰ ᠤᠨ ᠰᠠᠩ ᠳᠤ ᠬᠤᠳᠠᠯᠳᠤᠨ ᠠᠪᠬᠤ᠂ ᠤᠷᠠᠨ ᠪᠦᠲᠦᠭᠡᠯᠴᠢᠳ ᠢ ᠰᠤᠷᠲᠠᠯᠴᠢᠯᠠᠬᠤ︽ᠣᠨ ᠤ ᠰᠢᠯᠢᠳᠡᠭ ᠪᠦᠲᠦᠭᠡᠯ 2022︾ᠦᠵᠡᠰᠬᠦᠯᠡᠩ ᠮᠣᠩᠭᠣᠯ ᠤᠨ ᠤᠷᠠᠨ ᠵᠢᠷᠤᠭ ᠤᠨ ᠭᠠᠯᠧᠷᠸᠢ ᠳᠤ ᠭᠠᠷᠴᠤ ᠡᠬᠢᠯᠡᠯ᠎ᠡ᠃ ᠣᠨ ᠤ ᠰᠢᠯᠢᠳᠡᠭ ᠪᠦᠲᠦᠭᠡᠯ ᠤᠨ ᠦᠵᠡᠰᠬᠦᠯᠡᠩ ᠳᠤ ᠤᠷᠠᠨ ᠵᠢᠷᠤᠭ᠂ ᠭᠷᠠᠹᠢᠺ᠂ ᠤᠷᠠᠨ ᠪᠠᠷᠢᠮᠠᠯ᠂ ᠰᠡᠶᠢᠯᠪᠦᠷᠢ ᠶᠢᠨ ᠨᠡᠶᠢᠲᠡ 96 ᠤᠷᠠᠨ ᠪᠦᠲᠦᠭᠡᠯᠴᠢ ᠶᠢᠨ 131 ᠪᠦᠲᠦᠭᠡᠯ ᠢᠷᠡᠭᠰᠡᠨ ᠪᠠᠶᠢᠨ᠎ᠡ᠃ ᠡᠭᠦᠨ ᠠᠴᠠ ᠰᠣᠶᠤᠯ ᠤᠨ ᠰᠠᠶᠢᠳ ᠤᠨ ᠲᠣᠮᠢᠯᠠᠭᠰᠠᠨ ᠮᠡᠷᠭᠡᠵᠢᠯ ᠤᠨ ᠵᠥᠪᠯᠡᠯ ᠨᠢᠭᠡᠳᠦᠭᠡᠷ ᠱᠠᠲᠤᠨ ᠤ ᠰᠢᠯᠭᠠᠷᠠᠭᠤᠯᠤᠯᠲᠠ ᠪᠠᠷ ᠵᠢᠷᠤᠮ ᠳᠤ ᠵᠢᠭᠠᠭᠰᠠᠨ ᠲᠥᠷᠥᠯ ᠠᠩᠭᠢᠯᠠᠯ ᠳᠤ ᠬᠠᠮᠢᠶᠠᠷᠬᠤ ᠦᠭᠡᠶ᠂ ᠪᠦᠷᠢᠠ ᠬᠠᠲᠠᠭ᠎ᠠ ᠦᠭᠡᠢ᠂ ᠤᠷ᠎ᠠ ᠬᠢᠴᠡ ᠮᠠᠭᠤ᠂ ᠭᠤᠸ᠎ᠠ ᠵᠦᠶ᠂ ᠤᠷᠠᠨ ᠰᠠᠶᠢᠬᠠᠨ ᠤ ᠪᠤᠯᠦᠠ ᠦᠵᠡᠰᠬᠦᠯᠡᠩ ᠤᠨ ᠱᠠᠭᠠᠷᠳᠠᠯᠭ᠎ᠠ ᠬᠠᠩᠭᠠᠬᠤ ᠦᠭᠡᠢ ᠦᠵᠡᠭᠦᠯᠦᠯᠲᠡ ᠪᠠᠷ 34 ᠪᠦᠲᠦᠭᠡᠯ ᠢ ᠬᠠᠰᠤᠵᠤ᠂ 97 ᠪᠦᠲᠦᠭᠡᠯ ᠢ ᠰᠢᠯᠭᠠᠷᠠᠭᠤᠯᠵᠤ᠂ ᠦᠵᠡᠰᠬᠦᠯᠡᠩ ᠳᠤ ᠳᠡᠯᠭᠡᠪᠡ᠃
ᠰᠢᠯᠢᠳᠡᠭ ᠪᠦᠲᠦᠭᠡᠯ ᠤᠨ ᠱᠠᠩᠨᠠᠯ ᠭᠠᠷᠳᠠᠭᠤᠯᠬᠤ ᠶᠣᠰᠣᠯᠠᠯ 2022 ᠣᠨ ᠤ ᠠᠷᠪᠠᠨ ᠨᠢᠭᠡᠳᠦᠭᠡᠷ ᠰᠠᠷ᠎ᠠ ᠶᠢᠨ ᠳᠦᠷᠪᠡᠨ  ᠤ ᠪᠠᠰᠠᠩ ᠭᠠᠷᠠᠭ ᠲᠤ 14.00 ᠴᠠᠭ ᠲᠤ ᠮᠣᠩᠭᠣᠯ ᠤᠨ ᠤᠷᠠᠨ ᠵᠢᠷᠤᠭ ᠤᠨ ᠭᠠᠯᠧᠷᠧᠢ ᠶᠢᠨ ᠦᠵᠡᠰᠬᠦᠯᠡᠩ ᠤᠨ ᠶᠡᠭᠡ ᠲᠠᠩᠬᠢᠮ ᠳᠤ ᠪᠣᠯᠤᠨ᠎ᠠ᠃ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠵᠤ ᠢᠷᠡᠭᠰᠡᠨ ᠡᠨᠡ ᠬᠦ ᠦᠵᠡᠰᠬᠦᠯᠡᠩ ᠠᠷᠪᠠᠨ ᠨᠢᠭᠡᠳᠦᠭᠡᠷ ᠰᠠᠷ᠎ᠠ ᠶᠢᠨ 7 ᠤ ᠡᠳᠦᠷ ᠢ ᠳᠠᠭᠤᠰᠲᠠᠯ᠎ᠠ ᠦᠷᠬᠦᠯᠵᠢᠯᠡᠬᠦ ᠶᠤᠮ᠃

ᠰᠡᠳᠬᠢᠭᠳᠡᠯ ᠦᠯᠡᠳᠡᠭᠡᠬᠦ