ᠡᠳ᠋ ᠤᠨ ᠵᠠᠰᠠᠭ᠂ ᠬᠥᠭᠵᠢᠯ ᠤᠨ ᠳᠡᠳ᠋ ᠰᠠᠶᠢᠳ ᠰ᠊ ·ᠨᠠᠷᠠᠨᠴᠣᠭᠲᠤ ᠵᠠᠰᠠᠭ ᠤᠨ ᠭᠠᠵᠠᠷ ᠤᠨ ᠥᠨᠥᠳᠥᠷ ᠤᠨ ᠬᠤᠷᠠᠯᠳᠤᠭᠠᠨ ᠳᠤ ᠮᠣᠩᠭᠤᠯ ᠤᠯᠤᠰ ᠤᠨ ᠵᠠᠰᠠᠭ ᠤᠨ ᠭᠠᠵᠠᠷ ᠠᠴᠠ ᠭᠠᠷᠭᠠᠭᠰᠠᠨ︽ᠤᠯᠤᠰ ᠤᠨ ᠸᠠᠯᠢᠶᠤᠲ ᠤᠨ ᠨᠥᠭᠡᠴᠡ ᠶᠢ ᠨᠡᠮᠡᠭᠳᠡᠭᠦᠯᠬᠦ ᠵᠠᠷᠢᠮ ᠠᠷᠭ᠎ᠠ ᠬᠡᠮᠵᠢᠶᠡᠨ ᠤ ᠲᠤᠬᠠᠶ︾362 ᠳ᠋ᠤᠭᠠᠷ ᠲᠣᠭᠲᠠᠭᠠᠯ ᠤᠨ ᠬᠡᠷᠡᠭᠵᠢᠯᠲᠡ ᠶᠢᠨ ᠲᠠᠯ᠎ᠠ ᠪᠠᠷ ᠲᠠᠨᠢᠯᠴᠠᠭᠤᠯᠭ᠎ᠠ ᠬᠢᠯ᠎ᠡ᠃
ᠲᠡᠷᠡ᠄ ᠳᠣᠯᠤᠭ᠎ᠠ ᠬᠤᠨᠤᠭ ᠪᠦᠷᠢ ᠲᠥᠷᠦ ᠶᠢᠨ ᠥᠮᠴᠢᠲᠦ ᠺᠣᠮᠫᠠᠨᠢ ᠨᠤᠭᠤᠳ ᠲᠠᠢ ᠠᠭᠤᠯᠵᠠᠵᠤ ᠪᠠᠶᠢᠨ᠎ᠡ᠃ ᠠᠷᠪᠠᠳᠤᠭᠠᠷ ᠰᠠᠷ᠎ᠠ ᠶᠢᠨ ᠮᠡᠳᠡᠭᠡ ᠪᠡᠷ ᠮᠣᠩᠭᠤᠯ ᠤᠯᠤᠰ ᠤᠨ ᠸᠠᠯᠢᠶᠤᠲ ᠤᠨ ᠨᠥᠭᠡᠴᠡ 2.8 ᠲᠡᠷᠪᠤᠮ ᠳ᠋ᠣᠯᠯᠠᠷ ᠪᠣᠯᠵᠤ ᠨᠡᠮᠡᠭᠳᠡᠭᠰᠡᠨ ᠪᠠᠶᠢᠨ᠎ᠡ᠃︽ᠡᠷᠳᠡᠨᠢᠰ ᠲᠠᠪᠤᠨᠲᠣᠯᠣᠭᠠᠢ︾ᠻᠣᠮᠫᠠᠨᠢ ᠡᠮᠦᠨᠡᠬᠢ ᠰᠠᠷ᠎ᠠ ᠨᠤᠭᠤᠳ ᠲᠤ ᠳᠤᠮᠳᠠᠴᠢ ᠪᠠᠷ 65 ᠰᠠᠶ᠎ᠠ ᠳ᠋ᠣᠯᠯᠠᠷ ᠣᠷᠣᠭᠤᠯᠳᠠᠭ ᠪᠠᠶᠢᠭᠰᠠᠨ ᠪᠣᠯ ᠰᠡᠭᠦᠯ ᠤᠨ ᠰᠠᠷ᠎ᠠ ᠳᠤ 70.5 ᠰᠠᠶ᠎ᠠ ᠳ᠋ᠣᠯᠯᠠᠷ ᠣᠷᠣᠭᠤᠯᠤᠭᠰᠠᠨ ᠪᠠᠶᠢᠨ᠎ᠡ᠃︽ᠡᠷᠳᠡᠨᠢᠲᠦ ᠦᠢᠯᠡᠳᠪᠦᠷᠢ︾ᠡᠮᠦᠨᠡᠬᠢ ᠰᠠᠷ᠎ᠠ ᠨᠤᠭᠤᠳ ᠲᠤ ᠳᠤᠮᠳᠠᠴᠢ ᠪᠠᠷ 81 ᠰᠠᠶ᠎ᠠ ᠳ᠋ᠣᠯᠯᠠᠷ ᠣᠷᠣᠭᠤᠯᠵᠤ ᠪᠠᠶᠢᠭᠰᠠᠨ ᠪᠣᠯ ᠰᠡᠭᠦᠯ ᠤᠨ ᠰᠠᠷ᠎ᠠ 104 ᠰᠠᠶ᠎ᠠ ᠳ᠋ᠣᠯᠯᠠᠷ ᠣᠷᠣᠭᠤᠯᠵᠠᠢ᠃ ᠣᠳᠣ ᠶᠢᠨ ᠪᠠᠶᠢᠳᠠᠯ ᠢᠶᠠᠷ ᠤᠭ ᠲᠣᠭᠲᠠᠭᠠᠯ ᠤᠨ ᠬᠡᠷᠡᠭᠵᠢᠯᠲᠡ ᠰᠠᠶᠢᠨ ᠪᠠᠶᠢᠨ᠎ᠡ︾ᠭᠡᠪᠡ᠃