ᠮᠣᠩᠭᠤᠯ  ᠤᠯᠤᠰ︽ᠣᠢ  ᠶᠢᠨ ᠲᠦᠩᠰᠢᠯᠡᠯ︾ ᠤᠨ ᠠᠽᠢᠶ᠎ᠠ ᠶᠢᠨ ᠠᠩᠬᠠᠨ ᠤ ᠣᠷᠣᠨ ᠪᠣᠯᠣᠯ᠎ᠠ | News.MN

ᠮᠣᠩᠭᠤᠯ  ᠤᠯᠤᠰ︽ᠣᠢ  ᠶᠢᠨ ᠲᠦᠩᠰᠢᠯᠡᠯ︾ ᠤᠨ ᠠᠽᠢᠶ᠎ᠠ ᠶᠢᠨ ᠠᠩᠬᠠᠨ ᠤ ᠣᠷᠣᠨ ᠪᠣᠯᠣᠯ᠎ᠠ

ᠠᠷᠠᠪ ᠤᠨ ᠪᠦᠬᠦᠳᠠ ᠨᠠᠶᠢᠷᠠᠮᠳᠠᠬᠤ ᠶᠧᠵᠢᠫᠲ ᠤᠯᠤᠰ  ᠲᠤ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠠᠰᠠᠭᠤᠳᠠᠯ ᠤᠨ ᠳᠡᠯᠡᠬᠡᠢ ᠶᠢᠨ ᠤᠳᠤᠷᠢᠳᠤᠭᠴᠢᠳ ᠤᠨ ᠲᠡᠭᠡᠳᠦ ᠲᠦᠪᠰᠢᠨ ᠤ ᠠᠭᠤᠯᠵᠠᠯᠲᠠ ᠦᠷᠭᠦᠯᠵᠢᠯᠡᠵᠦ ᠪᠠᠶᠢᠨ᠎ᠡ᠃ ᠠᠭᠤᠯᠵᠠᠯᠲᠠ ᠶᠢᠨ ᠦᠶ᠎ᠡ ᠪᠠᠷ ᠮᠣᠩᠭᠤᠯ ᠤᠯᠤᠰ ᠤᠨ ᠶᠡᠷᠦᠩᠬᠡᠶᠢᠯᠡᠭᠴᠢ ᠤ᠊ ·ᠬᠦᠷᠡᠯᠰᠦ᠋ᠬᠡ᠂ ᠡᠸᠦ᠋ᠷᠦᠫᠡ ᠶᠢᠨ ᠬᠤᠯᠪᠤᠭᠠᠨ ᠤ ᠶᠡᠷᠦᠩᠬᠡᠶᠢᠯᠡᠭᠴᠢ ᠤᠷᠰᠤᠯᠠ ᠹᠣᠨ ᠳ᠋ᠧᠷ ᠯᠠᠢᠨ︽ᠣᠢ  ᠶᠢᠨ ᠲᠦᠩᠰᠢᠯᠡᠯ ᠤᠨ ᠲᠤᠬᠠᠶ ᠮᠣᠩᠭᠤᠯ ᠤᠯᠤᠰ ᠪᠤᠯᠦᠠ ᠡᠸᠦ᠋ᠷᠦᠫᠡ ᠶᠢᠨ ᠬᠤᠯᠪᠣᠭ᠎ᠠ ᠬᠤᠭᠤᠷᠤᠨᠳᠤ ᠶᠢᠨ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ︾ ᠲᠤ ᠭᠠᠷ ᠤᠨ ᠦᠰᠦᠭ ᠵᠢᠷᠤᠯ᠎ᠠ᠃ ᠢᠩᠭᠢᠭᠰᠡᠨ ᠢᠶᠠᠷ︽ᠣᠢ  ᠶᠢᠨ ᠲᠦᠩᠰᠢᠯᠡᠯ︾ ᠤᠨ ᠶᠠᠷᠢᠶ᠎ᠠ ᠬᠡᠯᠡᠯᠴᠡᠭᠡᠨ ᠳᠤ ᠣᠷᠣᠯᠴᠠᠵᠤ ᠪᠠᠶᠢᠭ᠎ᠠ ᠠᠽᠢᠶ᠎ᠠ ᠶᠢᠨ ᠠᠩᠬᠠᠳᠠᠭᠴᠢ ᠣᠷᠣᠨ ᠪᠣᠯᠵᠤ ᠪᠠᠶᠢᠨ᠎ᠡ᠃
ᠣᠢ  ᠶᠢᠨ ᠲᠦᠩᠰᠢᠯᠡᠯ ᠨᠢ ᠠᠭᠤᠷ ᠠᠮᠢᠰᠬᠤᠯ ᠤᠨ ᠥᠭᠡᠷᠡᠴᠢᠯᠡᠯᠲᠡ᠂ ᠰᠥᠷᠭᠦ ᠨᠥᠯᠥᠭᠡᠯᠡᠯ ᠢ ᠪᠠᠭᠤᠷᠠᠭᠤᠯᠬᠤ᠂ ᠡᠭᠦᠨ ᠲᠠᠢ ᠤᠶᠠᠯᠳᠤᠭᠤᠯᠤᠨ ᠣᠢ ᠶᠢᠨ ᠰᠠᠯᠪᠤᠷᠢ ᠳᠤ ᠤᠴᠠᠷᠠᠵᠤ ᠪᠤᠶ ᠰᠣᠷᠢᠯ᠂ ᠪᠡᠷᠬᠡᠰᠢᠶᠡᠯ ᠢ ᠳᠠᠪᠠᠨ ᠲᠤᠭᠤᠯᠬᠤ᠂  ᠤᠯᠤᠰ ᠣᠷᠣᠨ ᠤ ᠬᠥᠭᠵᠢᠯ ᠤᠨ ᠬᠡᠷᠡᠭᠴᠡᠭᠡ ᠱᠠᠭᠠᠷᠳᠠᠯᠭ᠎ᠠ᠂ ᠪᠠᠶᠢᠭᠠᠯᠢ ᠣᠷᠴᠢᠨ ᠢ ᠬᠠᠮᠡᠭᠠᠯᠡᠬᠤ ᠵᠣᠷᠢᠯᠲᠠ ᠳᠤ ᠴᠢᠭᠯᠡᠭᠰᠡᠨ ᠡᠭᠦᠷᠭᠡ᠂ ᠠᠮᠠᠯᠠᠯᠲᠠ ᠪᠣᠯᠬᠤ ᠶᠤᠮ᠃ ᠰᠠᠨᠠᠮᠵᠢ ᠪᠢᠴᠢᠭ ᠤᠨ ᠭᠤᠣᠯ ᠵᠣᠷᠢᠯᠭ᠎ᠠ ᠨᠢ ᠣᠢ ᠶᠢᠨ ᠲᠣᠭᠲᠠᠪᠤᠷᠢᠲᠠᠶ ᠮᠧᠨᠧᠵᠮᠧᠨᠲ ᠤᠨ ᠦᠨᠳᠦᠰᠦᠨ ᠠᠯᠬᠤᠮ ᠤᠳ ᠪᠣᠯᠬᠤ ᠣᠶ ᠮᠣᠳᠣ ᠶᠢ ᠨᠥᠬᠦᠨ ᠰᠡᠷᠭᠦᠭᠡᠬᠦ᠂ ᠵᠣᠬᠢᠰᠲᠠᠢ ᠠᠰᠢᠭᠯᠠᠯᠲᠠ᠂ ᠬᠠᠮᠠᠭᠠᠯᠠᠯᠲᠠ ᠶᠢ ᠳᠡᠮᠵᠢᠬᠦ᠂ ᠣᠢ ᠶᠢ ᠲᠦᠰᠢᠭᠯᠡᠭᠰᠡᠨ ᠡᠳ᠋ ᠤᠨ ᠵᠠᠰᠠᠭ ᠤᠨ ᠰᠠᠯᠪᠤᠷᠢ᠂ ᠣᠷᠣᠯᠭ᠎ᠠ ᠶᠢᠨ ᠡᠬᠢ ᠡᠭᠦᠰᠪᠦᠷᠢ ᠪᠤᠢ ᠪᠣᠯᠭᠠᠬᠤ ᠳᠤ ᠴᠢᠭᠯᠡᠵᠦ ᠪᠠᠶᠢᠨ᠎ᠡ᠃

ᠰᠡᠳᠬᠢᠭᠳᠡᠯ ᠦᠯᠡᠳᠡᠭᠡᠬᠦ