ᠤᠯᠤᠰ ᠤᠨ ᠶᠡᠭᠡ ᠬᠤᠷᠠᠯ ᠢᠶᠠᠷ 2023 ᠣᠨ ᠤ ᠲᠥᠰᠥᠪ ᠢ ᠬᠡᠯᠡᠯᠴᠡᠵᠦ ᠪᠠᠶᠢᠭ᠎ᠠ ᠲᠠᠢ ᠬᠤᠯᠪᠣᠭᠳᠠᠭᠤᠯᠵᠤ᠂ ᠢᠷᠡᠬᠦ ᠣᠨ ᠤ ᠲᠥᠰᠥᠪ᠂ ᠴᠢᠨᠠᠭᠰᠢᠳᠠ ᠲᠡᠭᠦᠨ ᠲᠠᠢ ᠤᠶᠠᠯᠳᠤᠭ᠎ᠠ ᠲᠠᠢ ᠬᠢᠭᠳᠡᠬᠦ ᠠᠵᠢᠯ ᠤᠳ ᠤᠨ ᠲᠠᠯ᠎ᠠ ᠪᠠᠷ ᠤᠯᠤᠰ ᠤᠨ ᠶᠡᠭᠡ ᠬᠤᠷᠠᠯ ᠤᠨ ᠲᠥᠰᠦᠪ ᠤᠨ ᠪᠠᠶᠢᠩᠭᠤ ᠶᠢᠨ ᠬᠤᠷᠢᠶᠠᠨ ᠤ ᠳᠠᠷᠤᠭ᠎ᠠ ᠬ᠋᠊ ·ᠲᠡᠮᠡᠦᠯᠦᠨ ᠲᠡᠷᠡᠭᠠᠬᠢ ᠲᠠᠶᠢᠯᠪᠤᠷᠢ ᠶᠢ ᠬᠢᠪᠡ᠃
ᠲᠡᠷᠡ ᠪᠠᠷ᠄ ᠮᠡᠷᠭᠠᠰᠢ︽ᠲᠥᠰᠦᠪ ᠤᠨ ᠲᠤᠬᠠᠶ︾ᠬᠠᠤᠯᠢ ᠨᠤᠭᠤᠳ ᠪᠠᠲᠤᠯᠠᠭᠳᠠᠬᠤ ᠪᠤᠯᠤᠨ᠎ᠠ᠃ ᠪᠢᠳᠡ ᠲᠥᠰᠦᠪ ᠤᠨ ᠠᠯᠳᠠᠭᠳᠠᠯ ᠢ ᠪᠠᠭᠤᠷᠠᠭᠤᠯᠬᠤ ᠳᠤ ᠠᠩᠬᠠᠷᠤᠯ᠎ᠠ᠃ ᠲᠥᠷᠦ ᠥᠪᠡᠷ ᠢᠶᠠᠨ ᠬᠠᠷᠢᠭᠤᠴᠠᠯᠭ᠎ᠠ ᠬᠦᠯᠢᠶᠡᠵᠦ᠂ ᠲᠥᠰᠦᠪ ᠤᠨ ᠵᠠᠷᠤᠳᠠᠯ ᠤᠳ ᠢ ᠪᠠᠭᠤᠷᠠᠭᠤᠯᠬᠤ᠂ ᠢᠯᠠᠩᠭᠤᠶ᠎ᠠ ᠦᠶᠯᠡ ᠠᠵᠢᠯᠯᠠᠭᠠᠨ ᠤ ᠵᠠᠷᠤᠳᠠᠯ ᠠᠴᠠ ᠬᠡᠮᠨᠡᠯᠲᠡ ᠬᠢᠬᠦ ᠶᠣᠰᠤᠲᠠᠶ ᠭᠡᠰᠡᠨ ᠴᠢᠭᠯᠡᠯ ᠢ ᠪᠠᠷᠢᠮᠲᠠᠯᠠᠭᠰᠠᠨ᠃ ᠲᠥᠷᠦ ᠶᠢᠨ ᠵᠠᠬᠢᠷᠭᠠᠨ ᠤ ᠪᠠᠶᠢᠭᠤᠯᠤᠯᠭ᠎ᠠ ᠨᠤᠭᠤᠳ ᠪᠣᠯᠣᠭᠠᠳ ᠶᠠᠮᠤᠨ᠂ ᠲᠠᠮᠠᠭ᠎ᠠ ᠶᠢᠨ ᠭᠠᠵᠠᠷ᠂ ᠡᠩᠧᠨ᠋ᠲᠯᠢᠭ᠋ ᠤᠨ ᠵᠠᠷᠤᠳᠠᠯ ᠤᠳ ᠢ ᠪᠠᠭᠤᠷᠠᠭᠤᠯᠤᠯᠠ᠃ ᠭᠡᠬᠦ ᠳᠤ ᠪᠠᠨ ᠲᠡᠳᠡᠭᠡᠷ ᠪᠠᠶᠢᠭᠤᠯᠤᠯᠭ᠎ᠠ ᠳᠤ ᠠᠵᠢᠯᠯᠠᠵᠤ ᠪᠤᠶ ᠠᠵᠢᠯᠲᠠᠨ᠂ ᠠᠯᠪᠠᠨ ᠬᠠᠭᠠᠭᠴᠢᠳ ᠤᠨ ᠴᠠᠯᠢᠩ᠂ ᠲᠡᠳᠭᠦᠪᠤᠷᠢ ᠲᠠᠢ ᠬᠤᠯᠪᠣᠭ᠎ᠠ ᠲᠠᠢ ᠠᠰᠠᠭᠤᠳᠠᠯ ᠬᠦᠡᠳᠡᠬᠦ ᠦᠭᠡᠢ᠃
ᠡᠭᠦᠨ ᠤ ᠵᠡᠷᠭᠡᠴᠡᠭᠡ ᠥᠨᠥᠳᠥᠷ ᠲᠥᠰᠦᠪ ᠤᠨ ᠰᠢᠨᠡᠴᠢᠯᠡᠯ ᠢ ᠵᠣᠷᠢᠭ ᠲᠠᠢ ᠪᠠᠷ ᠬᠢᠬᠦ ᠱᠠᠭᠠᠷᠳᠠᠯᠭ᠎ᠠ ᠡᠭᠦᠰᠦᠭᠡᠳ ᠪᠠᠶᠢᠨ᠎ᠡ᠃ ᠦᠡᠭᠭᠡᠷᠡᠭᠰᠡᠠ ᠵᠢᠯ ᠤᠳ ᠲᠤ ᠲᠥᠰᠦᠪ ᠤᠨ ᠰᠠᠬᠢᠯᠭ᠎ᠠ ᠪᠠᠲᠤ ᠰᠤᠯᠠ ᠪᠠᠶᠢᠭᠰᠠᠨ ᠠᠴᠠ ᠣᠯᠠᠨ ᠶᠡᠭᠡ ᠨᠠᠶᠤᠳ ᠲᠥᠭᠦᠷᠢᠭ ᠤᠨ ᠬᠥᠷᠥᠩᠭᠡ ᠣᠷᠤᠭᠤᠯᠤᠯᠲᠠ ᠭᠠᠴᠢᠭᠰᠠᠨ᠃ ᠵᠥᠪᠬᠡᠨ ᠡᠨᠡ ᠣᠨ ᠳᠤ ᠭᠡᠬᠦ ᠳᠤ 2.7 ᠶᠡᠭᠡ ᠨᠠᠶᠤᠳ ᠲᠥᠭᠦᠷᠢᠭ ᠤᠨ ᠬᠥᠷᠥᠩᠭᠡ ᠣᠷᠤᠭᠤᠯᠤᠯᠲᠠ ᠶᠢ ᠳᠠᠭᠤᠰᠬᠠᠵᠤ ᠪᠠᠶᠢᠨ᠎ᠡ᠃ ᠭᠡᠲᠡᠯ᠎ᠡ ᠴᠠᠭᠠᠨ᠎ᠠ ᠨᠢ ᠮᠠᠭᠠᠳ ᠦᠭᠡᠶ᠂ 2024-2025 ᠣᠨ ᠳᠤ ᠪᠠᠷᠢᠯᠭ᠎ᠠ᠂ ᠪᠦᠲᠦᠭᠡᠨ ᠪᠠᠶᠢᠭᠤᠯᠤᠯᠲᠠ ᠶᠢᠨ ᠠᠵᠢᠯ ᠤᠳ ᠤᠨ ᠰᠠᠩᠬᠦᠦᠵᠢᠯᠲᠡ ᠬᠤᠶᠠᠷ ᠶᠡᠭᠡ ᠨᠠᠶᠤᠳ ᠲᠥᠭᠦᠷᠢᠭ ᠲᠤ ᠬᠦᠷᠴᠦ ᠮᠡᠳᠡᠬᠦ ᠪᠠᠷ ᠪᠠᠶᠢᠨ᠎ᠡ᠃ ᠡᠨᠡ ᠨᠢ ᠲᠥᠷᠦ ᠥᠪᠡᠷ ᠢᠶᠠᠨ ᠬᠠᠷᠢᠭᠤᠴᠠᠯᠭ᠎ᠠ ᠦᠭᠡᠢ ᠪᠠᠶᠢᠵᠤ᠂ ᠲᠥᠰᠦᠪ ᠤᠨ ᠰᠠᠬᠢᠯᠭ᠎ᠠ ᠪᠠᠲᠤ ᠶᠢ ᠮᠥᠷᠳᠡᠭᠡ ᠦᠭᠡᠢ ᠠᠴᠠ ᠤᠯᠪᠠᠭ᠎ᠠ ᠲᠠᠢ᠃ ᠡᠶᠢᠮᠦ ᠳᠤ ᠡᠨᠡ ᠰᠠᠷ᠎ᠠ ᠳᠤ ᠪᠠᠭᠲᠠᠭᠠᠨ ᠲᠥᠰᠥᠪ ᠲᠠᠢ ᠬᠤᠯᠪᠣᠭ᠎ᠠ ᠲᠠᠢ ᠬᠠᠤᠯᠢ ᠨᠤᠭᠤᠳ ᠢ ᠰᠠᠭᠤᠷᠢ ᠪᠠᠷ ᠨᠢ ᠥᠭᠡᠷᠡᠴᠢᠯᠡᠬᠦ ᠪᠠᠷ ᠲᠣᠭᠲᠠᠵᠤ᠂ ᠱᠠᠭᠠᠷᠳᠠᠯᠭ᠎ᠠ ᠲᠠᠢ ᠬᠠᠤᠯᠢ ᠶᠢᠨ ᠲᠥᠰᠥᠯ ᠤᠳ ᠢ ᠪᠣᠯᠪᠠᠰᠤᠷᠠᠭᠤᠯᠤᠯ᠎ᠠ᠃ ᠤᠭ ᠰᠢᠨᠡᠴᠢᠯᠡᠯ ᠤᠨ ᠠᠵᠢᠯ ᠤᠳ ᠢ ᠡᠨᠡ ᠣᠨ ᠳᠤ ᠪᠠᠨ ᠪᠠᠭᠲᠠᠭᠠᠵᠤ ᠵᠠᠶᠢᠯᠡᠰᠢ ᠦᠭᠡᠢ ᠬᠢᠬᠦ ᠪᠣᠯᠤᠨ᠎ᠠ ᠭᠡᠪᠡ᠃