ᠠᠷᠬᠢᠸ᠋ ᠤᠨ ᠲᠠᠰᠤᠭ ᠤᠨ ᠲᠣᠨᠤᠭ ᠲᠥᠬᠦᠭᠡᠷᠦᠮᠵᠢ ᠶᠢ ᠪᠦᠷᠢᠠ ᠰᠢᠨᠡᠴᠢᠯᠡᠵᠡᠢ | News.MN

 ᠠᠷᠬᠢᠸ᠋ ᠤᠨ ᠲᠠᠰᠤᠭ ᠤᠨ ᠲᠣᠨᠤᠭ ᠲᠥᠬᠦᠭᠡᠷᠦᠮᠵᠢ ᠶᠢ ᠪᠦᠷᠢᠠ ᠰᠢᠨᠡᠴᠢᠯᠡᠵᠡᠢ

ᠬᠥᠪᠰᠥᠬᠦᠯ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠬᠠᠤᠯᠢ᠂ ᠡᠷᠭᠡ ᠵᠦᠢ ᠶᠢᠨ ᠬᠡᠯᠲᠡᠰ ᠠᠴᠠ ᠲᠥᠷᠦ ᠶᠢᠨ ᠪᠠᠶᠢᠭᠤᠯᠤᠯᠭ᠎ᠠ ᠠᠴᠠ ᠦᠢᠯᠡᠴᠢᠯᠡᠭᠡ ᠠᠪᠬᠤ ᠳᠤ ᠢᠷᠭᠡᠳ ᠲᠤ ᠤᠴᠠᠷᠠᠬᠤ ᠬᠦᠨᠳᠦᠷᠡᠯ ᠪᠡᠷᠬᠡᠰᠢᠶᠡᠯ᠂ ᠠᠵᠢᠯ ᠤᠨ ᠤᠶᠠᠯᠳᠤᠭ᠎ᠠ ᠦᠭᠡᠶ᠂ ᠵᠥᠷᠢᠴᠡᠯ ᠲᠠᠢ᠂ ᠬᠡᠶᠢᠳᠡᠯ᠂ ᠳᠠᠪᠬᠤᠷᠳᠠᠯ᠂ ᠦᠢᠯᠡᠴᠢᠯᠡᠭᠡᠨ ᠤ ᠲᠣᠳᠣᠷᠬᠠᠢ ᠦᠭᠡᠢ᠂ ᠣᠶᠢᠯᠠᠭᠠᠮᠵᠢ ᠦᠭᠡᠢ ᠪᠠᠶᠢᠳᠠᠯ ᠢ ᠪᠠᠭᠤᠷᠠᠭᠤᠯᠬᠤ᠂ ᠣᠯᠠᠨ ᠦᠶ᠎ᠡ ᠱᠠᠲᠤ ᠳᠠᠮᠵᠢᠯᠭ᠎ᠠ ᠶᠢ ᠪᠠᠭᠠᠰᠬᠠᠬᠤ ᠵᠣᠷᠢᠯᠭ᠎ᠠ ᠪᠠᠷ︽ᠦᠢᠯᠡᠴᠢᠯᠡᠭᠡ ᠪᠠᠨ ᠬᠢᠯᠪᠠᠷᠰᠢᠭᠤᠯᠤᠶ᠎ᠠ︾ᠠᠶᠠᠨ ᠢ ᠥᠷᠨᠢᠭᠦᠯᠵᠦ ᠪᠠᠶᠢᠨ᠎ᠡ᠃
ᠠᠶᠠᠨ ᠤ ᠬᠦᠷᠢᠶᠡᠨ ᠳᠤ 2017 ᠣᠨ ᠠᠴᠠ ᠬᠤᠶᠢᠰᠢ ᠰᠢᠨᠡᠴᠢᠯᠡᠭᠳᠡᠭᠡ ᠦᠭᠡᠢ ᠪᠠᠶᠢᠭᠰᠠᠨ ᠠᠷᠬᠢᠸ᠋ ᠤᠨ ᠲᠠᠰᠤᠭ ᠤᠨ ᠪᠤᠯᠦᠠ ᠠᠯᠪᠠᠨ ᠬᠠᠭᠠᠭᠴᠢᠳ ᠤᠨ ᠲᠣᠨᠤᠭ ᠲᠥᠬᠦᠭᠡᠷᠦᠮᠵᠢ ᠶᠢ ᠪᠦᠷᠢᠠ ᠰᠢᠨᠡᠴᠢᠯᠡᠭᠰᠡᠨ ᠪᠠᠶᠢᠨ᠎ᠡ᠃ ᠢᠩᠭᠢᠭᠰᠡᠨ ᠢᠶᠡᠷ 1931 ᠣᠨ ᠠᠴᠠ ᠬᠤᠶᠢᠰᠢ ᠬᠠᠳᠠᠭᠠᠯᠠᠭᠳᠠᠵᠤ ᠪᠠᠶᠢᠭ᠎ᠠ ᠠᠶᠢᠮᠠᠭ ᠤᠨ ᠲᠥᠪ ᠠᠷᠬᠢᠸ᠋᠂ ᠠᠷᠬᠢᠸ᠋ ᠤᠨ ᠰᠠᠩ ᠬᠥᠮᠦᠷᠭᠡ ᠡᠭᠦᠰᠬᠡᠭᠴᠢ ᠪᠠᠶᠢᠭᠤᠯᠤᠯᠭ᠎ᠠ ᠨᠤᠭᠤᠳ ᠤᠨ ᠪᠠᠷᠢᠮᠲᠠ᠂ ᠮᠠᠲ᠋ᠧᠷᠢᠶᠠᠯ ᠢ  ᠴᠠᠬᠢᠮᠵᠢᠭᠤᠯᠬᠤ ᠠᠵᠢᠯ ᠢ ᠡᠷᠴᠢᠮᠵᠢᠭᠦᠯᠬᠦ ᠲᠡᠳᠦᠢ ᠦᠭᠡᠢ ᠠᠯᠪᠠᠨ ᠬᠠᠭᠠᠭᠴᠢ ᠶᠢᠨ ᠠᠵᠢᠯ ᠢ ᠬᠦᠡᠭᠭᠡᠪᠴᠢᠯᠡᠬᠦ ᠶᠢᠨ ᠵᠡᠷᠭᠡᠴᠡᠭᠡ ᠢᠷᠭᠡᠳ ᠲᠤ ᠦᠵᠡᠭᠦᠯᠬᠦ ᠠᠷᠬᠢᠸ᠋ ᠤᠨ ᠦᠢᠯᠡᠴᠢᠯᠡᠭᠡ ᠶᠢ ᠰᠢᠭᠤᠷᠬᠠᠶ ᠬᠦᠷᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃

ᠰᠡᠳᠬᠢᠭᠳᠡᠯ ᠦᠯᠡᠳᠡᠭᠡᠬᠦ