ᠤᠯᠤᠰ ᠤᠨ ᠳᠠᠭᠤᠷᠢ ᠪᠦᠵᠢᠭ ᠦᠨ ᠡᠷᠳᠡᠮ ᠦᠨ ᠲᠢᠶᠠᠲᠷ ᠤᠨ ᠬᠠᠮᠲᠤ ᠣᠯᠠᠨ ᠠᠷᠪᠠᠨ ᠨᠢᠭᠡᠳᠦᠭᠡᠷ ᠰᠠᠷ᠎ᠠ ᠶᠢ ᠮᠣᠩᠭᠣᠯ ᠤᠨ ᠪᠠᠯᠧᠲ ᠤᠨ ᠤᠷᠠᠯᠢᠭ ᠢ ᠦᠡᠳᠦᠰᠦᠯᠡᠭᠴᠢ ᠪ᠊᠂ ᠵᠠᠮᠢᠶᠠᠨᠳᠠᠸᠠ ᠠᠭᠰᠠᠨ ᠤ 90 ᠨᠠᠰᠤᠨ ᠤ ᠤᠢ ᠳᠤ ᠵᠣᠷᠢᠭᠤᠯᠤᠨ ᠨᠡᠷᠡᠮᠵᠢᠲᠦ ᠰᠠᠷ᠎ᠠ ᠪᠣᠯᠭᠠᠨ ᠵᠠᠷᠯᠠᠨ ᠠᠵᠢᠯᠯᠠᠵᠤ ᠪᠠᠶᠢᠨ᠎ᠡ᠃ ᠪ᠊᠂ ᠵᠠᠮᠢᠶᠠᠨᠳᠠᠸᠠ ᠤ ᠨᠡᠷᠡᠮᠵᠢᠲᠦ︽Mongolian grand Prix︾ᠪᠠᠯᠧᠲ ᠤᠨ ᠠᠩᠬᠠᠳᠤᠭᠠᠷ ᠤᠷᠤᠯᠳᠤᠭᠠᠨ ᠢ 2022 ᠣᠨ ᠤ ᠠᠷᠪᠠᠨ ᠨᠢᠭᠡᠳᠦᠭᠡᠷ ᠰᠠᠷ᠎ᠠ ᠶᠢᠨ 15-19 ᠤ ᠬᠤᠭᠤᠷᠦᠡᠳᠦ ᠵᠣᠬᠢᠶᠠᠨ ᠪᠠᠶᠢᠭᠤᠯᠬᠤ ᠪᠠᠷ ᠲᠥᠯᠥᠪᠯᠡᠨ ᠥᠨᠥᠳᠥᠷ ᠤᠷᠤᠯᠳᠤᠭᠠᠨ ᠤ ᠡᠬᠢᠨ ᠤ ᠱᠠᠲᠤ ᠡᠬᠢᠯᠡᠵᠦ ᠪᠠᠶᠢᠨ᠎ᠡ᠃
MBGP -FBC ᠪᠤᠶᠤ ᠮᠣᠩᠭᠤᠯ ᠤᠯᠤᠰ ᠤᠨ ᠪᠠᠯᠧᠲ ᠤᠨ ᠠᠩᠬᠠᠳᠤᠭᠠᠷ ᠤᠷᠤᠯᠳᠤᠭᠠᠨ ᠨᠢ ᠪᠠᠯᠧᠲ ᠤᠨ ᠬᠥᠭᠵᠢᠯ ᠤᠨ ᠲᠦᠯᠬᠢᠭᠦᠷ ᠪᠣᠯᠣᠭᠰᠠᠨ ᠣᠯᠠᠨ ᠤᠯᠤᠰ ᠤᠨ ᠴᠢᠨᠠᠷᠲᠠᠢ ᠤᠷᠤᠯᠳᠤᠭᠠᠨ ᠲᠡᠮᠡᠴᠡᠭᠡᠨ ᠢ ᠡᠬᠡ ᠣᠷᠣᠨ ᠳᠤ ᠪᠠᠨ ᠨᠤᠲᠤᠭᠰᠢᠭᠤᠯᠬᠤ᠂ ᠮᠣᠩᠭᠣᠯ ᠤᠨ ᠪᠥᠵᠢᠭᠴᠢᠳ ᠲᠤ ᠡᠬᠡ ᠣᠷᠣᠨ ᠳᠤ ᠪᠠᠨ ᠤᠷ᠎ᠠ ᠴᠢᠳᠠᠪᠤᠷᠢ ᠪᠠᠨ ᠳᠡᠯᠡᠬᠡᠢ ᠶᠢᠨ ᠬᠡᠮᠵᠢᠶᠡᠨ ᠳᠤ ᠰᠤᠷᠢᠬᠤ ᠪᠣᠯᠣᠮᠵᠢ ᠶᠢ ᠣᠯᠭᠤᠬᠤ᠂ ᠦᠶ᠎ᠡ ᠠᠴᠠ ᠦᠶ᠎ᠡ ᠳᠤ ᠭᠠᠶᠢᠬᠠᠭᠳᠠᠬᠤ ᠮᠣᠩᠭᠤᠯ ᠠᠪᠢᠶᠠᠰ ᠢ ᠣᠯᠵᠤ ᠨᠡᠭᠡᠭᠡᠬᠦ᠂ ᠣᠯᠠᠨ ᠤᠯᠤᠰ ᠤᠨ ᠪᠠᠯᠧᠲ ᠤᠨ ᠰᠠᠯᠪᠤᠷᠢ ᠶᠢᠨ ᠲᠥᠯᠥᠭᠡᠯᠡᠭᠴᠢᠳ ᠤᠨ ᠬᠠᠮᠲᠤ ᠶᠢᠨ ᠠᠵᠢᠯᠯᠠᠭ᠎ᠠ᠂ ᠬᠠᠷᠢᠯᠴᠠᠭ᠎ᠠ ᠬᠤᠯᠪᠣᠭ᠎ᠠ ᠶᠢ ᠪᠠᠬᠢᠵᠢᠭᠦᠯᠬᠦ ᠶᠢᠨ ᠡᠬᠢᠯᠡᠯ ᠪᠢᠯᠡ᠃