ᠦᠨᠳᠦᠰᠦᠨ ᠦ ᠰᠲ᠋ᠠᠲ᠋ᠢᠰᠲ᠋ᠢᠺ ᠤᠨ ᠬᠤᠷᠢᠶᠠᠨ ᠠᠴᠠ ᠮᠣᠩᠭᠤᠯ ᠤᠯᠤᠰ ᠤᠨ ᠨᠡᠶᠢᠭᠡᠮ᠂ ᠡᠳ᠋ ᠤᠨ ᠵᠠᠰᠠᠭ ᠤᠨ ᠡᠨᠡ ᠣᠨ ᠤ ᠡᠬᠢᠨ ᠤ 10 ᠰᠠᠷ᠎ᠠ ᠶᠢᠨ ᠰᠲ᠋ᠠᠲ᠋ᠢᠰᠲ᠋ᠢᠺ ᠦᠵᠡᠭᠦᠯᠦᠯᠲᠡ ᠶᠢ ᠲᠠᠨᠢᠯᠴᠠᠭᠤᠯᠤᠯ᠎ᠠ᠃ ᠡᠨᠡ ᠣᠨ ᠤ ᠭᠤᠷᠪᠠᠳᠤᠭᠠᠷ ᠤᠯᠠᠷᠢᠯ ᠳᠤ ᠤᠯᠤᠰ ᠤᠨ ᠬᠡᠮᠵᠢᠶᠡᠨ ᠳᠤ 15᠂ ᠲᠡᠭᠦᠨ ᠠᠴᠠ ᠳᠡᠭᠡᠭᠰᠢ ᠨᠠᠰᠤᠨ ᠤ ᠨᠡᠶᠢᠲᠡ ᠬᠥᠮᠦᠨ ᠠᠮᠠ ᠶᠢᠨ 1.3 ᠰᠠᠶ᠎ᠠ ᠨᠢ ᠠᠵᠢᠯᠯᠠᠬᠤ ᠬᠦᠴᠦ ᠪᠠᠶᠢᠨ᠎ᠡ᠃ ᠠᠵᠢᠯᠯᠠᠬᠤ ᠬᠦᠴᠦᠨ ᠤ 94.6 ᠬᠤᠪᠢ ᠶᠢ ᠡᠵᠡᠯᠡᠵᠦ ᠪᠤᠶ ᠠᠵᠢᠯᠯᠠᠭᠰᠠᠳ ᠡᠮᠦᠨᠡᠬᠢ ᠣᠨ ᠤ ᠮᠦᠠ ᠦᠶ᠎ᠡ ᠠᠴᠠ 55.6 ᠮᠢᠩᠭ᠎ᠠ ᠪᠠᠷ ᠪᠤᠶᠤ 4.9 ᠬᠤᠪᠢ ᠪᠠᠷ ᠥᠰᠴᠡᠢ᠃
ᠡᠨᠡ ᠣᠨ ᠤ ᠡᠬᠢᠨ ᠤ 10 ᠰᠠᠷ᠎ᠠ ᠶᠢᠨ ᠰᠲ᠋ᠠᠲ᠋ᠢᠰᠲ᠋ᠢᠺ ᠦᠵᠡᠭᠦᠯᠦᠯᠲᠡ ᠶᠢ ᠥᠰᠦᠭᠰᠡᠨ ᠳ᠋ᠦᠩ ᠪᠤᠯᠦᠠ ᠪᠠᠭᠤᠷᠠᠭᠰᠠᠨ ᠦᠵᠡᠭᠦᠯᠦᠯᠲᠡ ᠪᠠᠷ ᠲᠠᠨᠢᠯᠴᠠᠭᠤᠯᠪᠠᠯ᠄
ᠤᠯᠤᠰ ᠤᠨ ᠨᠢᠭᠡᠳᠦᠭᠰᠡᠨ ᠲᠥᠰᠦᠪ ᠤᠨ ᠣᠷᠣᠯᠭ᠎ᠠ ᠡᠮᠦᠨᠡᠬᠢ ᠣᠨ ᠤ ᠮᠦᠠ ᠦᠶ᠎ᠡ ᠠᠴᠠ 15.3 ᠬᠤᠪᠢ ᠪᠠᠷ ᠥᠰᠴᠡᠢ᠃
ᠨᠡᠢᠲᠡ ᠵᠠᠷᠤᠯᠭ᠎ᠠ᠂ ᠡᠷᠭᠢᠵᠦ ᠲᠦᠯᠦᠭᠳᠡᠬᠦ ᠴᠡᠪᠡᠷ ᠵᠢᠭᠡᠯᠡᠯᠭᠡ ᠶᠢᠨ ᠭᠡᠮᠵᠢᠶ᠎ᠠ ᠡᠬᠢᠨ ᠤ 10 ᠰᠠᠷ᠎ᠠ ᠳᠤ 14 ᠶᠡᠭᠡ ᠨᠠᠶᠤᠳ ᠲᠥᠭᠦᠷᠢᠭ ᠪᠣᠯᠵᠤ᠂ ᠲᠡᠩᠴᠡᠪᠦᠷᠢᠵᠢᠭᠦᠯᠦᠭᠰᠡᠨ ᠲᠡᠩᠴᠡᠯ 1 ᠶᠡᠭᠡ ᠨᠠᠶᠤᠳ ᠲᠥᠭᠦᠷᠢᠭ ᠤᠨ ᠠᠯᠳᠠᠭᠳᠠᠯ ᠲᠠᠢ ᠭᠠᠷᠴᠤ᠂ ᠲᠥᠰᠦᠪ ᠤᠨ ᠠᠯᠳᠠᠭᠳᠠᠯ ᠡᠮᠦᠨᠡᠬᠢ ᠣᠨ ᠤ ᠮᠦᠠ ᠦᠶ᠎ᠡ ᠠᠴᠠ 529.2 ᠲᠡᠷᠪᠤᠮ ᠲᠥᠭᠦᠷᠢᠭ ᠢᠶᠠᠷ ᠪᠤᠶᠤ 34.2 ᠬᠤᠪᠢ ᠪᠠᠷ ᠪᠠᠭᠤᠷᠠᠵᠠᠢ᠃