ᠠᠮᠧᠷᠢᠺᠠ ᠶᠢᠨ ᠡᠯᠴᠢᠨ ᠰᠠᠶᠢᠳ ᠢᠳᠡᠭᠡᠮᠵᠢᠯᠡᠬᠦ ᠵᠢᠭᠤᠬᠤ ᠪᠢᠴᠢᠭ ᠢᠶᠠᠨ ᠥᠷᠭᠡᠨ ᠪᠠᠷᠢᠪᠠ | News.MN

ᠠᠮᠧᠷᠢᠺᠠ ᠶᠢᠨ ᠡᠯᠴᠢᠨ ᠰᠠᠶᠢᠳ ᠢᠳᠡᠭᠡᠮᠵᠢᠯᠡᠬᠦ ᠵᠢᠭᠤᠬᠤ ᠪᠢᠴᠢᠭ ᠢᠶᠠᠨ ᠥᠷᠭᠡᠨ ᠪᠠᠷᠢᠪᠠ

ᠠᠮᠧᠷᠢᠺᠠ ᠶᠢᠨ ᠨᠢᠭᠡᠳᠦᠭᠰᠡᠨ ᠤᠯᠤᠰ ᠠᠴᠠ ᠮᠣᠩᠭᠤᠯ ᠤᠯᠤᠰ ᠲᠤ ᠰᠠᠭᠤᠬᠤ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ ᠷᠢᠴᠠᠷᠳ᠋  ᠪᠤᠩᠭᠠᠨ ᠶᠡᠷᠦᠩᠬᠡᠶᠢᠯᠡᠭᠴᠢ ᠤ᠊ · ᠬᠦᠷᠡᠯᠰᠦ᠋ᠬᠡ  ᠳᠤ  ᠢᠳᠡᠭᠡᠮᠵᠢᠯᠡᠬᠦ ᠵᠢᠭᠤᠬᠤ ᠪᠢᠴᠢᠭ ᠢᠶᠠᠨ ᠡᠷᠭᠦᠨ ᠪᠠᠷᠢᠯ᠎ᠠ᠃ ᠶᠡᠷᠦᠩᠬᠡᠶᠢᠯᠡᠭᠴᠢ ᠲᠡᠭᠦᠨ ᠢ ᠬᠦᠯᠢᠶᠡᠨ ᠠᠪᠴᠤ ᠠᠭᠤᠯᠵᠠᠬᠤ ᠦᠶ᠎ᠡ ᠪᠠᠷ ᠢᠶᠠᠨ ᠮᠣᠩᠭᠤᠯ ᠤᠯᠤᠰ ᠤᠨ ᠴᠢᠬᠤᠯᠠ ᠭᠤᠷᠪᠠᠳᠠᠭᠴᠢ ᠬᠦᠷᠰᠢ᠂ ᠰᠲᠷᠠᠲ᠋ᠧᠭᠢ ᠶᠢᠨ ᠲᠦᠩᠰᠢ ᠣᠷᠣᠨ  ᠠᠮᠧᠷᠢᠺᠠ  ᠲᠠᠢ ᠬᠠᠷᠢᠯᠴᠠᠬᠤ ᠬᠠᠷᠢᠯᠴᠠᠭᠠᠨ ᠳᠠᠭᠠᠨ ᠦᠡᠳᠦᠷ ᠠᠴᠢ ᠬᠤᠯᠪᠣᠭᠳᠠᠯ ᠥᠭᠳᠡᠭ ᠪᠣᠯᠬᠤ ᠶᠢ ᠲᠡᠮᠳᠡᠭᠯᠡᠪᠡ᠃
ᠡᠯᠴᠢᠨ ᠰᠠᠶᠢᠳ ᠷ᠊ · ᠪᠤᠩᠭᠠᠨ  ᠠᠮᠧᠷᠢᠺᠠ  ᠠᠴᠠ ᠮᠣᠩᠭᠤᠯ ᠤᠯᠤᠰ ᠲᠤ ᠰᠠᠭᠤᠬᠤ ᠡᠯᠴᠢᠨ ᠰᠠᠶᠢᠳ ᠢᠶᠠᠷ ᠲᠣᠮᠢᠯᠠᠭᠳᠠᠭᠰᠠᠨ ᠨᠢ ᠨᠡᠷ᠎ᠡ ᠲᠥᠷᠦ ᠶᠢᠨ ᠬᠡᠷᠡᠭ ᠭᠡᠳᠡᠭ ᠢ ᠲᠡᠮᠳᠡᠭᠯᠡᠪᠡ᠃ ᠲᠡᠷᠡ ᠪᠠᠷ  ᠠᠮᠧᠷᠢᠺᠠ  ᠨᠢ ᠮᠣᠩᠭᠤᠯ ᠤᠯᠤᠰ ᠤᠨ ᠴᠢᠬᠤᠯᠠ ᠭᠤᠷᠪᠠᠳᠠᠭᠴᠢ ᠬᠦᠷᠰᠢ ᠭᠡᠳᠡᠭ ᠢᠶᠠᠷ ᠢᠶᠠᠨ ᠪᠠᠭ᠋ᠠᠷᠬᠠᠳᠠᠭ ᠪᠥᠭᠡᠳ ᠮᠣᠩᠭᠤᠯ ᠤᠯᠤᠰ ᠲᠠᠢ ᠬᠥᠭᠵᠢᠭᠦᠯᠵᠦ ᠪᠤᠶ ᠰᠲᠷᠠᠲ᠋ᠧᠭᠢ ᠶᠢᠨ ᠲᠦᠩᠰᠢᠯᠡᠯ ᠢ ᠴᠢᠨᠠᠭᠰᠢᠳᠠ ᠪᠠᠲᠤᠳᠬᠠᠨ ᠪᠠᠬᠢᠵᠢᠭᠦᠯᠬᠦ᠂ ᠬᠤᠶᠠᠷ  ᠤᠯᠤᠰ ᠬᠤᠭᠤᠷᠤᠨᠳᠤ ᠶᠢᠨ ᠲᠡᠭᠡᠳᠦ᠂ ᠦᠡᠳᠦᠷ ᠲᠦᠪᠰᠢᠨ ᠤ ᠶᠠᠷᠢᠶ᠎ᠠ ᠬᠡᠯᠡᠯᠴᠡᠭᠡ᠂ ᠬᠤᠳᠠᠯᠳᠤᠭ᠎ᠠ᠂ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭᠠᠨ ᠤ ᠡᠵᠡᠯᠡᠬᠦ ᠪᠠᠶᠢᠷᠢ ᠰᠠᠭᠤᠷᠢ ᠪᠤᠯᠦᠠ ᠢᠷᠭᠡᠳ ᠬᠤᠭᠤᠷᠤᠨᠳᠤ ᠶᠢᠨ ᠬᠡᠯᠬᠢᠶ᠎ᠡ ᠬᠤᠯᠪᠣᠭ᠎ᠠ ᠶᠢ ᠨᠡᠮᠡᠭᠳᠡᠭᠦᠯᠬᠦ ᠶᠢᠨ ᠲᠥᠯᠥᠭᠡ ᠬᠦᠴᠦᠨ ᠴᠢᠷᠮᠠᠶᠢᠯᠲᠠ ᠭᠠᠷᠭᠠᠨ ᠠᠵᠢᠯᠯᠠᠬᠤ ᠪᠠᠨ ᠢᠯᠡᠷᠬᠡᠶᠢᠯᠡᠪᠡ᠃
 

ᠰᠡᠳᠬᠢᠭᠳᠡᠯ ᠦᠯᠡᠳᠡᠭᠡᠬᠦ