ᠮᠣᠩᠭᠣᠯ ᠤᠨ ᠰᠠᠭᠰᠤᠨ ᠪᠥᠮᠪᠦᠭᠡ ᠶᠢᠨ ᠪᠠᠭ ᠳᠡᠯᠡᠬᠡᠢ  ᠳᠦ 106  ᠳᠦ ᠪᠢᠴᠢᠭᠳᠡᠯ᠎ᠡ | News.MN

ᠮᠣᠩᠭᠣᠯ ᠤᠨ ᠰᠠᠭᠰᠤᠨ ᠪᠥᠮᠪᠦᠭᠡ ᠶᠢᠨ ᠪᠠᠭ ᠳᠡᠯᠡᠬᠡᠢ  ᠳᠦ 106  ᠳᠦ ᠪᠢᠴᠢᠭᠳᠡᠯ᠎ᠡ

ᠣᠯᠠᠨ ᠤᠯᠤᠰ ᠤᠨ ᠰᠠᠭᠰᠤᠨ ᠪᠥᠮᠪᠦᠭᠡ ᠶᠢᠨ ᠬᠤᠯᠪᠣᠭ᠎ᠠ ᠪᠤᠶᠤ FIBA ᠠᠴᠠ ᠳᠡᠯᠡᠬᠡᠢ ᠶᠢᠨ ᠰᠢᠭᠰᠢᠭᠡ ᠪᠠᠭ ᠤᠳ  ᠤᠨ ᠴᠢᠨᠰᠠᠭ᠎ᠠ ᠶᠢ ᠰᠢᠨᠡᠴᠢᠯᠡᠨ ᠭᠠᠷᠭᠠᠯ᠎ᠠ᠃ ᠰᠢᠨᠡᠴᠢᠯᠡᠭᠰᠡᠨ ᠴᠢᠨᠰᠠᠭ᠎ᠠ ᠪᠠᠷ ᠨᠢ ᠮᠣᠩᠭᠣᠯ ᠤᠨ ᠰᠢᠭᠰᠢᠭᠡ ᠪᠠᠭ ᠳᠡᠯᠡᠬᠡᠢ ᠳᠤ 106᠂ ᠠᠽᠢᠶ᠎ᠠ ᠳᠤ 22 ᠳᠦ ᠪᠢᠴᠢᠭᠳᠡᠭᠰᠡᠨ ᠪᠠᠶᠢᠨ᠎ᠡ᠃
ᠳᠡᠯᠡᠬᠡᠢ ᠶᠢᠨ ᠴᠢᠨᠰᠠᠭ᠎ᠠ ᠳᠤ ᠪᠢᠴᠢᠭᠳᠡᠯ ᠦᠭᠡᠢ ᠤᠳᠠᠭᠠᠨ ᠬᠤᠭᠤᠴᠠᠭ᠎ᠠ ᠶᠢ ᠥᠩᠭᠡᠷᠡᠭᠦᠯᠦᠭᠰᠡᠨ ᠮᠣᠩᠭᠣᠯ ᠤᠨ ᠰᠢᠭᠰᠢᠭᠡ ᠪᠠᠭ ᠦᠡᠭᠭᠡᠷᠡᠭᠰᠡᠠ ᠳᠣᠯᠤᠭ᠎ᠠ ᠬᠤᠨᠤᠭ ᠲᠤ FIBA  ᠤᠨ 2025 ᠣᠨ ᠤ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠤ ᠤᠷᠢᠳᠴᠢᠯᠠᠭᠰᠠᠨ ᠨᠢᠭᠡᠳᠦᠭᠡᠷ ᠱᠠᠲᠤᠨ ᠤ ᠲᠣᠭᠯᠠᠯᠲᠠ ᠪᠠᠨ ᠬᠢᠵᠦ᠂ ᠮᠠᠯᠠᠶᠢᠽ᠂  ᠲᠠᠢᠲ᠋ᠢ᠂ ᠸᠢᠶᠧᠲᠨᠠᠮ ᠢ ᠬᠤᠵᠢᠨ᠂  ᠲᠠᠢᠯᠠᠨᠳ᠋ ᠤᠯᠤᠰ ᠲᠤ ᠬᠤᠵᠢᠭᠳᠠᠭᠰᠠᠨ ᠢᠶᠠᠷ ᠬᠡᠰᠡᠭ ᠤᠨ ᠬᠤᠶᠠᠳᠤᠭᠠᠷ ᠪᠠᠶᠢᠷᠢ ᠪᠠᠷ ᠳᠠᠷᠠᠭ᠎ᠠ ᠶᠢᠨ ᠱᠠᠲᠤᠨ ᠳᠤ ᠰᠢᠯᠭᠠᠷᠠᠭᠠᠳ ᠪᠠᠶᠢᠭᠰᠠᠨ ᠶᠤᠮ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2022-11-21 31.104.47.233

Test