ᠬ᠋᠊ · ᠽᠠᠨᠳᠠᠨᠰᠢᠲᠠᠷ᠎ᠠ ᠠᠽᠢᠶ᠎ᠠ ᠶᠢᠨ ᠬᠥᠭᠵᠢᠯ ᠤᠨ ᠪᠠᠩᠬᠢ ᠶᠢᠨ ᠬᠢᠨ ᠲᠠᠢ ᠠᠭᠤᠯᠵᠠᠪᠠ | News.MN

ᠬ᠋᠊ · ᠽᠠᠨᠳᠠᠨᠰᠢᠲᠠᠷ᠎ᠠ ᠠᠽᠢᠶ᠎ᠠ ᠶᠢᠨ ᠬᠥᠭᠵᠢᠯ ᠤᠨ ᠪᠠᠩᠬᠢ ᠶᠢᠨ ᠬᠢᠨ ᠲᠠᠢ ᠠᠭᠤᠯᠵᠠᠪᠠ

ᠤᠯᠤᠰ ᠤᠨ ᠶᠡᠭᠡ ᠬᠤᠷᠠᠯ  ᠤᠨ ᠳᠠᠷᠤᠭ᠎ᠠ ᠬ᠋᠊ · ᠽᠠᠨᠳᠠᠨᠰᠢᠲᠠᠷ᠎ᠠ ᠥᠨᠥᠳᠥᠷ ᠠᠽᠢᠶ᠎ᠠ ᠶᠢᠨ ᠬᠥᠭᠵᠢᠯ ᠤᠨ ᠪᠠᠩᠬᠢᠨ ᠤ ᠵᠡᠭᠦᠨ ᠠᠽᠢᠶ᠎ᠠ ᠶᠢᠨ ᠭᠠᠵᠠᠷ ᠤᠨ ᠶᠡᠷᠦᠩᠬᠡᠶ ᠵᠠᠬᠢᠷᠤᠯ᠂ ᠬᠠᠲᠤᠭᠲᠠᠶ ᠮ᠊ ∙ ᠲᠧᠷᠧᠽᠠ ᠬᠤ ᠲᠡᠷᠢᠭᠦᠲᠡᠢ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠪᠠᠷ ᠮᠣᠩᠭᠤᠯ ᠤᠯᠤᠰ᠂ ᠠᠽᠢᠶ᠎ᠠ ᠶᠢᠨ ᠬᠥᠭᠵᠢᠯ ᠤᠨ ᠪᠠᠩᠬᠢᠨ ᠤ ᠬᠠᠮᠲᠤᠷᠠᠨ ᠬᠡᠷᠡᠭᠵᠢᠭᠦᠯᠵᠦ ᠪᠤᠶ ᠲᠥᠰᠥᠯ᠂ ᠬᠥᠲᠥᠯᠪᠦᠷᠢ ᠨᠤᠭᠦᠳ ᠤᠨ ᠶᠠᠪᠤᠴᠠ ᠪᠠᠶᠢᠳᠠᠯ ᠪᠤᠯᠦᠠ ᠨᠣᠭᠤᠭᠠᠨ ᠡᠳ᠋ ᠤᠨ ᠵᠠᠰᠠᠭ ᠢ ᠳᠡᠮᠵᠢᠬᠦ ᠬᠥᠷᠥᠩᠭᠡ ᠣᠷᠤᠭᠤᠯᠤᠯᠲᠠ ᠶᠢ ᠲᠠᠲᠠᠬᠤ᠂ ᠲᠣᠭᠲᠠᠪᠤᠷᠢᠲᠠᠶ ᠬᠥᠭᠵᠢᠯ ᠢ ᠡᠷᠴᠢᠮᠵᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠠᠢ ᠲᠡᠮᠡᠴᠡᠬᠦ ᠲᠥᠰᠥᠯ᠂ ᠬᠥᠲᠥᠯᠪᠦᠷᠢ ᠶᠢ ᠬᠡᠷᠡᠭᠵᠢᠭᠦᠯᠬᠦ ᠪᠣᠯᠤᠮᠵᠢ ᠶᠢᠨ ᠲᠠᠯ᠎ᠠ ᠪᠠᠷ ᠶᠠᠷᠢᠯᠴᠠᠵᠤ᠂ ᠰᠠᠨᠠᠯ ᠰᠣᠯᠢᠯᠴᠠᠯ᠎ᠠ᠃
ᠤᠯᠤᠰ ᠤᠨ ᠶᠡᠭᠡ ᠬᠤᠷᠠᠯ  ᠤᠨ ᠳᠠᠷᠤᠭ᠎ᠠ ᠬ᠋᠊ · ᠽᠠᠨᠳᠠᠨᠰᠢᠲᠠᠷ᠎ᠠ ᠬᠤᠶᠠᠷ ᠲᠠᠯ᠎ᠠ ᠶᠢᠨ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠬᠦ ᠬᠠᠤᠯᠢ᠂ ᠡᠷᠭᠡ ᠵᠦᠢ ᠶᠢᠨ ᠣᠷᠴᠢᠨ ᠢ ᠪᠦᠷᠢᠳᠦᠭᠦᠯᠬᠦ ᠶᠢᠨ ᠲᠥᠯᠥᠭᠡ ᠫᠠᠷᠯᠠᠮᠧᠨ᠋ᠲ  ᠪᠦᠬᠦᠢ ᠯᠡ ᠲᠠᠯ᠎ᠠ ᠪᠠᠷ ᠳᠡᠮᠵᠢᠨ ᠠᠵᠢᠯᠯᠠᠬᠤ ᠪᠠᠨ ᠢᠯᠡᠷᠬᠡᠶᠢᠯᠡᠭᠰᠡᠨ  ᠶᠤᠮ᠃ ᠮᠦᠠ  ᠤᠯᠤᠰ ᠤᠨ ᠶᠡᠭᠡ ᠬᠤᠷᠠᠯ ᠠᠴᠠ ᠡᠳ᠋ ᠤᠨ ᠵᠠᠰᠠᠭ ᠢ ᠰᠡᠷᠭᠦᠭᠡᠬᠦ᠂ ᠬᠤᠪᠢ ᠶᠢᠨ ᠬᠡᠪᠰᠢᠯ ᠢ ᠳᠡᠮᠵᠢᠬᠦ᠂ ᠬᠦᠨᠡᠰᠦᠨ ᠤ ᠬᠠᠩᠭᠠᠮᠵᠢ᠂  ᠠᠶᠤᠯᠭᠦᠢ ᠪᠠᠶᠢᠳᠠᠯ ᠢ ᠬᠠᠩᠭᠠᠬᠤ ᠴᠢᠭᠯᠡᠯ ᠳᠤ  ᠣᠨᠴᠠᠭᠠᠢ ᠠᠩᠬᠠᠷᠴᠤ ᠠᠵᠢᠯᠯᠠᠵᠤ ᠪᠠᠶᠢᠭ᠎ᠠ ᠶᠢ ᠳᠤᠷᠠᠳᠤᠭᠠᠳ ᠠᠽᠢᠶ᠎ᠠ ᠶᠢᠨ ᠬᠥᠭᠵᠢᠯ ᠤᠨ ᠪᠠᠩᠬᠢ ᠲᠠᠢ ᠨᠣᠭᠤᠭᠠᠨ ᠡᠳ᠋ ᠤᠨ ᠵᠠᠰᠠᠭ ᠢ ᠳᠡᠮᠵᠢᠬᠦ ᠬᠥᠷᠥᠩᠭᠡ ᠣᠷᠤᠭᠤᠯᠤᠯᠲᠠ ᠶᠢ ᠲᠠᠲᠠᠬᠤ᠂ ᠠᠶᠠᠯᠠᠯ ᠵᠢᠭᠤᠯᠴᠢᠯᠠᠯ᠂ ᠬᠦᠨᠡᠰᠦᠨ ᠤ ᠬᠠᠩᠭᠠᠮᠵᠢ᠂  ᠠᠶᠤᠯᠭᠦᠢ ᠪᠠᠶᠢᠳᠠᠯ᠂ ᠬᠥᠳᠡᠭᠡ ᠠᠵᠤ ᠠᠬᠤᠶ᠂ ᠡᠷᠴᠢᠮ ᠬᠦᠴᠦᠨ ᠤ ᠰᠠᠯᠪᠤᠷᠢ ᠶᠢᠨ ᠦᠷ᠎ᠡ ᠳ᠋ᠦᠩ ᠲᠠᠢ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠲᠠᠯ᠎ᠠ ᠪᠠᠷ ᠰᠠᠨᠠᠯ ᠢᠶᠠᠨ ᠢᠯᠡᠷᠬᠡᠶᠢᠯᠡᠭᠰᠡᠨ᠃

ᠰᠡᠳᠬᠢᠭᠳᠡᠯ ᠦᠯᠡᠳᠡᠭᠡᠬᠦ