ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ᠂ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ ᠮᠠᠩᠭᠠᠯ ᠤᠨ ᠳᠦᠭᠦᠷᠰᠦ᠋ᠷᠤᠩ ᠤᠨ ᠮᠡᠨᠳᠦᠯᠡᠭᠰᠡᠨ ᠤ 100 ᠵᠢᠯ ᠤᠨ ᠣᠶ ᠡᠨᠡ ᠣᠨ ᠳᠤ ᠲᠣᠬᠢᠶᠠᠵᠤ ᠪᠠᠶᠢᠭ᠎ᠠ ᠲᠠᠢ ᠬᠤᠯᠪᠣᠭᠳᠠᠭᠤᠯᠵᠤ᠂ ᠮᠣᠩᠭᠤᠯ ᠤᠯᠤᠰ ᠤᠨ ᠶᠡᠭᠡ ᠰᠤᠷᠭᠠᠭᠤᠯᠢ ᠶᠢᠨ ᠣᠯᠠᠨ ᠤᠯᠤᠰ ᠤᠨ ᠬᠠᠷᠢᠯᠴᠠᠭ᠎ᠠ᠂ ᠨᠡᠶᠢᠲᠡ ᠶᠢᠨ ᠤᠳᠤᠷᠢᠳᠤᠯᠭ᠎ᠠ ᠶᠢᠨ ᠰᠤᠷᠭᠠᠭᠤᠯᠢ ᠶᠢ ᠲᠡᠭᠦᠨ ᠤ ᠨᠡᠷᠡᠮᠵᠢᠲᠦ ᠪᠣᠯᠭᠠᠯ᠎ᠠ᠃ ᠮᠣᠩᠭᠣᠯ ᠤᠨ ᠠᠩᠬᠠᠨ ᠤ ᠮᠡᠷᠭᠡᠵᠢᠯ ᠤᠨ ᠳ᠋ᠢᠫᠯᠣᠮᠠᠲ ᠤᠳ ᠤᠨ ᠨᠢᠭᠡ ᠮᠠᠩᠭᠠᠯ ᠤᠨ ᠳᠦᠭᠦᠷᠰᠦ᠋ᠷᠤᠩ ᠨᠢ ᠳ᠋ᠢᠫᠯᠤᠮᠠᠲ ᠠᠯᠪᠠᠨ ᠳᠤ ᠨᠡᠶᠢᠲᠡ 37 ᠵᠢᠯ᠂ ᠲᠡᠭᠦᠨ ᠤ ᠳᠣᠲᠣᠷ᠎ᠠ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠢᠶᠠᠷ 17 ᠵᠢᠯ ᠠᠵᠢᠯᠯᠠᠵᠤ᠂ ᠮᠣᠩᠭᠤᠯ ᠤᠯᠤᠰ ᠤᠨ ᠭᠠᠳᠠᠭᠠᠳᠤ ᠬᠠᠷᠢᠯᠴᠠᠭ᠎ᠠ ᠶᠢ ᠥᠷᠭᠡᠵᠢᠭᠦᠯᠦᠨ ᠬᠥᠭᠵᠢᠭᠦᠯᠬᠦ᠂ ᠣᠷᠴᠢᠨ ᠦᠶ᠎ᠡ ᠶᠢᠨ ᠳ᠋ᠢᠫᠯᠤᠮᠠᠲ ᠠᠯᠪᠠ ᠶᠢ ᠥᠰᠬᠡᠨ ᠪᠠᠬᠢᠵᠢᠭᠦᠯᠬᠦ᠂ ᠳᠡᠯᠡᠬᠡᠢ ᠳᠤ ᠦᠷᠢᠰᠦᠯᠳᠦᠬᠦ ᠴᠢᠳᠠᠪᠤᠷᠢᠲᠠᠶ ᠭᠠᠳᠠᠭᠠᠳᠤ ᠬᠠᠷᠢᠯᠴᠠᠭᠠᠨ ᠤ ᠠᠵᠢᠯᠲᠠᠳ᠂ ᠮᠡᠷᠭᠡᠵᠢᠯ ᠤᠨ ᠳ᠋ᠢᠫᠯᠤᠮᠠᠲ ᠤᠳ ᠢ ᠪᠡᠯᠡᠳᠬᠡᠬᠦ ᠳᠤ ᠵᠢᠩ ᠲᠠᠢ ᠬᠤᠪᠢ ᠨᠡᠮᠡᠷᠢ ᠣᠷᠣᠭᠤᠯᠤᠭᠰᠠᠨ ᠲᠥᠷᠦ᠂ ᠨᠡᠶᠢᠭᠡᠮ ᠤᠨ ᠨᠡᠷᠡᠲᠦ ᠵᠢᠳᠬᠦᠯᠲᠡᠨ ᠶᠤᠮ᠃
ᠲᠡᠷᠡ ᠪᠠᠷ ᠭᠠᠪᠢᠶᠠᠨ ᠤ ᠪᠠᠨ ᠠᠮᠠᠷᠠᠯᠲᠠ ᠳᠤ ᠭᠠᠷᠤᠭᠰᠠᠨ ᠤ ᠪᠠᠨ ᠳᠠᠷᠠᠭ᠎ᠠ ᠴᠤ ᠡᠵᠡᠮᠰᠢᠭᠰᠡᠨ ᠮᠡᠷᠭᠡᠵᠢᠯ᠂ ᠠᠵᠢᠯ ᠤᠨ ᠪᠡᠶᠡᠯᠢᠬ ᠲᠤᠷᠰᠢᠯᠭ᠎ᠠ ᠪᠠᠨ ᠵᠠᠯᠠᠭᠤ ᠬᠤᠶᠢᠴᠢ ᠦᠶ᠎ᠡ ᠳᠡᠭᠡᠨ ᠥᠪᠯᠡᠭᠦᠯᠵᠦ᠂ ᠮᠣᠩᠭᠤᠯ ᠤᠯᠤᠰ ᠤᠨ ᠭᠠᠳᠠᠭᠠᠳᠤ ᠪᠣᠳᠣᠯᠭ᠎ᠠ ᠶᠢᠨ ᠠᠯᠲᠠᠨ ᠠᠷᠭᠠᠮᠵᠢ ᠶᠢ ᠪᠠᠬᠢᠵᠢᠭᠦᠯᠬᠦ ᠶᠢ ᠵᠣᠷᠢᠨ᠂ ᠮᠡᠷᠭᠡᠵᠢᠯ ᠤᠨ ᠳ᠋ᠢᠫᠯᠤᠮᠠᠲ ᠤᠳ ᠢᠶᠠᠨ ᠳᠣᠲᠣᠭᠠᠳᠤ ᠳᠠᠭᠠᠨ ᠪᠡᠯᠡᠳᠬᠡᠬᠦ ᠵᠣᠷᠢᠯᠭ᠎ᠠ ᠲᠠᠢ ᠮᠣᠩᠭᠤᠯ ᠤᠯᠤᠰ ᠤᠨ ᠶᠡᠭᠡ ᠰᠤᠷᠭᠠᠭᠤᠯᠢ ᠶᠢᠨ ᠣᠯᠠᠨ ᠤᠯᠤᠰ ᠤᠨ ᠬᠠᠷᠢᠯᠴᠠᠭᠠᠨ ᠤ ᠰᠤᠷᠭᠠᠭᠤᠯᠢ ᠶᠢ ᠪᠠᠶᠢᠭᠤᠯᠬᠤ ᠳᠤ ᠴᠢᠬᠤᠯᠠ ᠡᠭᠦᠷᠭᠡ ᠭᠦᠢᠴᠡᠳᠬᠡᠭᠰᠡᠨ ᠶᠤᠮ᠃ ᠲᠤᠬᠠᠶᠢᠯᠠᠪᠠᠯ᠂ ᠲᠤᠰ ᠰᠤᠷᠭᠠᠭᠤᠯᠢ ᠶᠢᠨ ᠰᠤᠷᠭᠠᠯᠲᠠ ᠶᠢᠨ ᠬᠥᠲᠥᠯᠪᠦᠷᠢ᠂ ᠰᠤᠷᠬᠤ ᠪᠢᠴᠢᠭ ᠢ ᠪᠣᠯᠪᠠᠰᠤᠷᠠᠭᠤᠯᠵᠤ᠂ ᠪᠠᠭᠰᠢ ᠨᠠᠷ ᠢ ᠪᠡᠯᠡᠳᠬᠡᠬᠦ ᠠᠵᠢᠯ ᠢ ᠭᠠᠷᠳᠠᠨ ᠬᠢᠭᠰᠡᠨ ᠶᠤᠮ᠃