ᠰᠤᠶᠤᠯ ᠤᠨ ᠶᠠᠮᠤᠨ ᠨᠣᠮ ᠵᠣᠬᠢᠶᠠᠯ ᠤᠨ ᠠᠭᠤᠯᠭ᠎ᠠ ᠳᠤ ᠬᠢᠨᠠᠯᠲᠠ ᠲᠠᠯᠪᠢᠬᠤ ᠱᠠᠭᠠᠷᠳᠠᠯᠭ᠎ᠠ ᠦᠭᠡᠢ | News.MN

ᠰᠤᠶᠤᠯ ᠤᠨ ᠶᠠᠮᠤᠨ ᠨᠣᠮ ᠵᠣᠬᠢᠶᠠᠯ ᠤᠨ ᠠᠭᠤᠯᠭ᠎ᠠ ᠳᠤ ᠬᠢᠨᠠᠯᠲᠠ ᠲᠠᠯᠪᠢᠬᠤ ᠱᠠᠭᠠᠷᠳᠠᠯᠭ᠎ᠠ ᠦᠭᠡᠢ

ᠣᠯᠠᠨ ᠨᠡᠶᠢᠲᠡ ᠶᠢᠨ ᠰᠦᠯᠵᠢᠶᠡᠨ ᠳᠦ ᠰᠤᠶᠤᠯ ᠤᠨ ᠶᠠᠮᠤᠨ ᠠᠴᠠ ᠨᠣᠮ᠂ ᠬᠡᠪᠯᠡᠯ ᠲᠡᠢ ᠬᠣᠯᠪᠣᠭ᠎ᠠ ᠲᠠᠢ ᠵᠢᠷᠤᠮ ᠪᠣᠯᠪᠠᠰᠤᠷᠠᠭᠤᠯᠤᠭᠰᠠᠨ ᠨᠢ ᠠᠭᠤᠯᠭ᠎ᠠ ᠶᠢᠨ ᠪᠣᠯᠤᠨ ᠪᠤᠰᠤᠳ ᠪᠠᠶᠢᠳᠠᠯ ᠢᠶᠠᠷ ᠬᠢᠨᠠᠯᠲᠠ ᠲᠣᠭᠲᠠᠭᠠᠵᠤ ᠪᠠᠶᠢᠨ᠎ᠠ ᠭᠡᠰᠡᠨ ᠮᠡᠳᠡᠭᠡᠯᠡᠯ ᠭᠠᠷᠴᠤ ᠣᠯᠠᠨ ᠨᠡᠶᠢᠲᠡ ᠶᠢᠨ ᠠᠩᠬᠠᠷᠤᠯ ᠢ ᠲᠠᠲᠠᠵᠤ ᠪᠠᠶᠢᠨ᠎ᠠ᠃ ᠲᠡᠭᠡᠪᠡᠯ ᠡᠨᠡ ᠲᠠᠯ᠎ᠠ ᠪᠠᠷ ᠰᠤᠶᠤᠯ ᠤᠨ ᠶᠠᠮᠤᠨ ᠤ ᠰᠤᠶᠤᠯ ᠤᠨ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠳ∙ᠨᠠᠷᠠᠨᠴᠡᠴᠡᠭ ᠲᠠᠶᠢᠯᠪᠤᠷᠢ ᠥᠭᠴᠡᠢ᠃

ᠲᠡᠷᠡ ᠪᠡᠷ᠄ ᠮᠣᠩᠭᠣᠯ ᠤᠯᠤᠰ ᠤᠨ ᠰᠤᠶᠤᠯ ᠤᠨ ᠶᠠᠮᠤᠨ ᠠᠴᠠ ᠬᠡᠦᠬᠡᠳ ᠦᠨ ᠪᠣᠯᠤᠨ ᠪᠤᠰᠤᠳ ᠵᠣᠬᠢᠶᠠᠯ ᠤᠨ ᠠᠭᠤᠯᠭ᠎ᠠ ᠳᠤ ᠶᠠᠮᠠᠷ ᠨᠢᠭᠡ ᠬᠡᠯᠪᠡᠷᠢ ᠪᠡᠷ ᠬᠢᠨᠠᠯᠲᠠ ᠬᠢᠵᠠᠭᠠᠷᠯᠠᠯᠲᠠ ᠲᠣᠭᠲᠠᠭᠠᠬᠤ᠂ ᠲᠡᠭᠦᠨ ᠳᠦ ᠪᠡᠨ ᠦᠨᠳᠦᠰᠦᠯᠡᠨ ᠨᠣᠮ ᠬᠡᠪᠯᠡᠬᠦ ᠵᠥᠪᠰᠢᠶᠡᠷᠡᠯ ᠣᠯᠭᠣᠬᠤ ᠭᠡᠬᠦ ᠮᠡᠲᠦ ᠠᠵᠢᠯ ᠬᠢᠭᠡ ᠦᠭᠡᠢ ᠭᠡᠳᠡᠭ ᠢ ᠬᠠᠷᠢᠭᠤᠴᠠᠯᠭ᠎ᠠ ᠲᠠᠢ ᠬᠡᠯᠡᠶ᠎ᠡ᠃ ᠨᠣᠮ᠂ ᠵᠣᠬᠢᠶᠠᠯ ᠤᠨ ᠠᠭᠤᠯᠭ᠎ᠠ ᠳᠤ ᠶᠠᠮᠠᠷ ᠨᠢᠭᠡ ᠪᠠᠶᠢᠳᠠᠯ ᠢᠶᠠᠷ ᠬᠢᠨᠠᠯᠲᠠ ᠲᠣᠭᠲᠠᠭᠠᠬᠤ ᠶᠠᠮᠠᠷ ᠴᠤ ᠪᠣᠯᠤᠮᠵᠢ ᠦᠭᠡᠢ᠂ ᠡᠶᠢᠮᠦ ᠠᠵᠢᠯ ᠬᠢᠭᠳᠡᠬᠦ ᠨᠢ ᠪᠤᠤ ᠬᠡᠯᠡ᠂ ᠶᠠᠷᠢᠭᠳᠠᠭ᠎ᠠ ᠦᠭᠡᠢ ᠭᠡᠰᠡᠨ ᠲᠠᠶᠢᠯᠪᠤᠷᠢ ᠶᠢ ᠦᠭᠭᠦᠯ᠎ᠡ᠃

ᠰᠡᠳᠬᠢᠭᠳᠡᠯ ᠦᠯᠡᠳᠡᠭᠡᠬᠦ