《ᠡᠷᠭᠢᠵᠦ ᠢᠷᠡᠬᠦ ᠦᠭᠡᠢ ᠨᠠᠮᠤᠷ》ᠺᠢᠨᠣ᠋ ᠣᠰᠺᠠᠷ  ᠲᠤ ᠤᠷᠤᠯᠴᠠᠬᠤ ᠡᠷᠬᠡ ᠪᠡᠨ ᠠᠪᠤᠯ᠎ᠠ | News.MN

《ᠡᠷᠭᠢᠵᠦ ᠢᠷᠡᠬᠦ ᠦᠭᠡᠢ ᠨᠠᠮᠤᠷ》ᠺᠢᠨᠣ᠋ ᠣᠰᠺᠠᠷ  ᠲᠤ ᠤᠷᠤᠯᠴᠠᠬᠤ ᠡᠷᠬᠡ ᠪᠡᠨ ᠠᠪᠤᠯ᠎ᠠ

ᠣᠰᠺᠠᠷ ᠤᠨ ᠺᠢᠨᠣ᠋ ᠨᠠᠭᠠᠳᠤᠮ ᠤᠨ ᠱᠠᠭᠠᠷᠳᠠᠯᠭ᠎ᠠ ᠶᠢᠨ ᠳᠠᠭᠠᠤ《ᠰᠢᠯᠢᠳᠡᠭ ᠣᠯᠠᠨ ᠤᠯᠤᠰ ᠤᠨ ᠺᠢᠨᠣ᠋》ᠲᠥᠷᠥᠯ ᠳᠦ ᠤᠯᠤᠰ ᠢᠶᠠᠨ ᠲᠥᠯᠥᠭᠡᠯᠡᠨ ᠤᠷᠤᠯᠴᠠᠬᠤ ᠪᠦᠲᠦᠭᠡᠯ ᠢ ᠲᠤᠬᠠᠢ ᠶᠢᠨ ᠤᠯᠤᠰ ᠤᠨ ᠺᠢᠨᠣ᠋ ᠬᠣᠷᠢᠶ᠎ᠠ᠂ ᠵᠥᠪᠯᠡᠯ ᠨᠢ ᠰᠣᠩᠭᠣᠨ ᠰᠢᠯᠭᠠᠷᠠᠭᠤᠯᠵᠤ ᠢᠯᠡᠭᠡᠳᠡᠭ᠃ ᠰᠤᠶᠤᠯ ᠤᠨ ᠶᠠᠮᠤᠨ ᠤ ᠬᠠᠷᠢᠶ᠎ᠠ ᠮᠣᠩᠭᠣᠯ ᠤᠨ ᠦᠨᠳᠦᠰᠦᠨ ᠦ ᠺᠢᠨᠣ᠋ ᠤᠷᠠᠯᠢᠭ ᠤᠨ ᠵᠥᠪᠯᠡᠯ ᠨᠢ ᠡᠨᠡ ᠵᠢᠯ ᠡᠴᠡ ᠡᠬᠢᠯᠡᠨ ᠠᠯᠪᠠᠨ ᠶᠣᠰᠣᠭᠠᠷ ᠣᠰᠺᠠᠷ ᠤᠨ ᠱᠠᠩᠨᠠᠯ ᠭᠠᠷᠳᠠᠭᠤᠯᠬᠤ ᠶᠣᠰᠣᠯᠠᠯ ᠳᠤ ᠤᠯᠤᠰ ᠢᠶᠠᠨ ᠲᠥᠯᠥᠭᠡᠯᠡᠨ ᠤᠷᠤᠯᠴᠠᠬᠤ ᠤᠷᠠᠨ ᠪᠦᠲᠦᠭᠡᠯ ᠢ ᠰᠣᠩᠭᠣᠨ ᠰᠢᠯᠭᠠᠷᠠᠭᠤᠯᠬᠤ ᠡᠷᠬᠡ ᠶᠢ ᠠᠪᠤᠭᠰᠠᠨ᠃
2022 ᠣᠨ ᠳᠤ ᠬᠢᠭᠳᠡᠭᠰᠡᠨ ᠮᠣᠩᠭᠣᠯ ᠺᠢᠨᠤ᠋ ᠨᠤᠭᠤᠳ ᠠᠴᠠ ᠰᠣᠩᠭᠣᠨ ᠰᠢᠯᠭᠠᠷᠠᠭᠤᠯᠵᠤ 《ᠡᠷᠭᠢᠵᠦ ᠢᠷᠡᠬᠦ ᠦᠭᠡᠢ ᠨᠠᠮᠤᠷ》ᠤᠷᠠᠨ ᠰᠠᠶᠢᠬᠠᠨ ᠤ ᠺᠢᠨᠤ᠋ ᠶᠢ ᠲᠤᠰ ᠨᠠᠭᠠᠳᠤᠮ ᠳᠤ ᠢᠯᠡᠭᠡᠬᠦ ᠪᠡᠷ ᠰᠢᠢᠳᠪᠦᠷᠢᠯᠡᠭᠰᠡᠨ ᠪᠣᠯᠬᠤ ᠶᠢ ᠺᠢᠨᠣ᠋ ᠤᠷᠠᠯᠢᠭ ᠤᠨ ᠰᠠᠯᠪᠤᠷᠢ ᠶᠢᠨ ᠵᠦᠪᠯᠡᠯ ᠦᠨ ᠦᠶ᠎ᠡ ᠪᠡᠷ ᠮᠣᠩᠭᠣᠯ ᠤᠨ ᠦᠨᠳᠦᠰᠦᠨ ᠦ ᠺᠢᠨᠣ᠋ ᠤᠷᠠᠯᠢᠭ ᠤᠨ ᠵᠥᠪᠯᠡᠯ ᠦᠨ ᠳᠠᠷᠤᠭ᠎ᠠ ᠴ ∙ ᠤᠨᠳᠤᠷᠤᠯ ᠠᠯᠪᠠᠨ ᠶᠣᠰᠣᠭᠠᠷ ᠮᠡᠳᠡᠭᠳᠡᠯ᠎ᠡ᠃

ᠰᠡᠳᠬᠢᠭᠳᠡᠯ ᠦᠯᠡᠳᠡᠭᠡᠬᠦ