ᠶᠡᠷᠦᠩᠬᠡᠶᠢᠯᠡᠭᠴᠢ ᠤ᠊ ∙ᠬᠦᠷᠡᠯᠰᠦ᠋ᠬᠡ ᠶᠠᠫᠣᠨ ᠤᠯᠤᠰ ᠲᠤ ᠲᠥᠷᠥ ᠶᠢᠨ ᠠᠶᠢᠯᠴᠢᠯᠠᠯ ᠬᠢᠨ᠎ᠡ | News.MN

ᠶᠡᠷᠦᠩᠬᠡᠶᠢᠯᠡᠭᠴᠢ ᠤ᠊ ∙ᠬᠦᠷᠡᠯᠰᠦ᠋ᠬᠡ ᠶᠠᠫᠣᠨ ᠤᠯᠤᠰ ᠲᠤ ᠲᠥᠷᠥ ᠶᠢᠨ ᠠᠶᠢᠯᠴᠢᠯᠠᠯ ᠬᠢᠨ᠎ᠡ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠠᠫᠣᠨ ᠤᠯᠤᠰ ᠤᠨ ᠵᠠᠰᠠᠭ ᠤᠨ ᠭᠠᠵᠠᠷ ᠤᠨ ᠤᠷᠢᠯᠭ᠎ᠠ ᠪᠠᠷ ᠮᠣᠩᠭᠣᠯ᠂ ᠶᠠᠫᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠶᠢ ᠲᠣᠬᠢᠶᠠᠯᠳᠤᠭᠤᠯᠤᠨ 2022 ᠣᠨ ᠤ ᠠᠷᠪᠠᠨ ᠨᠢᠭᠡᠳᠦᠭᠡᠷ ᠰᠠᠷ᠎ᠠ ᠶᠢᠨ 29  ᠡᠴᠡ ᠠᠷᠪᠠᠨ ᠬᠣᠶᠠᠳᠤᠭᠠᠷ ᠰᠠᠷ᠎ᠠ ᠶᠢᠨ 02  ᠤ ᠡᠳᠦᠷ ᠦᠳ ᠲᠦ ᠶᠠᠫᠣᠨ ᠤᠯᠤᠰ ᠲᠤ ᠲᠥᠷᠥ ᠶᠢᠨ ᠠᠶᠢᠯᠴᠢᠯᠠᠯ ᠬᠢᠬᠦ ᠪᠡᠷ ᠪᠣᠯᠵᠠᠢ᠃ ᠲᠡᠷᠡ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠤᠾᠢᠲ᠋ᠤ᠋ ᠳᠦ ᠪᠠᠷᠠᠭᠠᠯᠬᠠᠵᠤ᠂ ᠶᠠᠫᠣᠨ ᠤᠯᠤᠰ ᠤᠨ ᠶᠡᠷᠦᠩᠬᠡᠢ ᠰᠠᠶᠢᠳ ᠹ∙ᠺᠢᠰᠢᠳᠠ ᠲᠠᠢ ᠠᠯᠪᠠᠨ ᠶᠣᠰᠣᠨ ᠤ ᠬᠡᠯᠡᠯᠴᠡᠭᠡ ᠬᠢᠨ᠎ᠡ᠃
ᠮᠥᠨ ᠶᠠᠫᠣᠨ ᠤ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠤᠨ ᠳᠠᠷᠤᠭ᠎ᠠ᠂ ᠵᠦᠪᠯᠡᠬᠦ ᠨᠦᠭᠦᠳ ᠦᠨ ᠲᠠᠩᠬᠢᠮ ᠤᠨ ᠳᠠᠷᠤᠭ᠎ᠠ ᠨᠠᠷ ᠢ ᠬᠦᠯᠢᠶᠡᠨ ᠠᠪᠴᠤ ᠠᠭᠤᠯᠵᠠᠨ᠎ᠠ᠃ ᠠᠶᠢᠯᠴᠢᠯᠠᠯ ᠮᠣᠩᠭᠣᠯ᠂ ᠶᠠᠫᠣᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ᠂ ᠠᠷᠠᠳ ᠲᠦᠮᠡᠨ ᠦ ᠨᠠᠶᠢᠷᠠᠮᠳᠠᠯ᠂ ᠨᠥᠬᠥᠷᠯᠡᠯ ᠢ ᠪᠡᠬᠢᠵᠢᠭᠦᠯᠬᠦ᠂ ᠬᠠᠭᠠᠰ ᠵᠠᠭᠤᠨ ᠵᠢᠯ ᠦᠨ ᠬᠠᠮᠲᠤ ᠶᠢᠨ ᠠᠵᠢᠯᠯᠠᠭ᠎ᠠ ᠶᠢ ᠳ᠋ᠦᠩᠨᠡᠵᠦ᠂ ᠢᠷᠡᠬᠦ ᠲᠠᠪᠢᠨ ᠵᠢᠯ ᠳᠦ ᠬᠥᠭᠵᠢᠭᠦᠯᠬᠦ ᠬᠡᠲᠦ ᠶᠢᠨ ᠲᠥᠯᠥᠪ᠂ ᠴᠢᠭᠯᠡᠯ ᠢ ᠲᠣᠳᠣᠷᠬᠠᠶᠢᠯᠠᠬᠤ ᠴᠢᠬᠤᠯᠠ ᠠᠴᠢ ᠬᠣᠯᠪᠣᠭᠳᠠᠯ ᠲᠠᠢ᠃ ᠡᠨᠡ ᠤᠳᠠᠭ᠎ᠠ ᠶᠢᠨ ᠠᠶᠢᠯᠴᠢᠯᠠᠯ ᠮᠣᠩᠭᠣᠯ ᠤᠯᠤᠰ ᠤᠨ ᠲᠥᠷᠥ ᠶᠢᠨ ᠲᠡᠷᠢᠭᠦᠨ ᠦ ᠲᠦᠪᠰᠢᠨ ᠳᠦ 2010 ᠣᠨ ᠠᠴᠠ ᠬᠣᠶᠢᠰᠢ 12 ᠵᠢᠯ ᠦᠨ ᠳᠠᠷᠠᠭ᠎ᠠ ᠪᠣᠯᠬᠤ ᠭᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ