ᠮᠣᠩᠭᠤᠯ ᠤᠯᠤᠰ᠂ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠨ ᠵᠠᠰᠠᠭ ᠤᠨ ᠭᠠᠵᠠᠷ ᠬᠤᠭᠤᠷᠤᠨᠳᠤ ᠶᠢᠨ ᠬᠠᠮᠲᠤᠷᠠᠭᠰᠠᠨ ᠬᠤᠷᠢᠶᠠᠨ ᠤ ᠡᠭᠡᠯᠵᠢᠲᠦ ᠵᠢᠷᠭᠤᠳᠤᠭᠠᠷ ᠬᠤᠷᠠᠯᠳᠤᠭᠠᠨ 2022 ᠣᠨ ᠤ ᠠᠷᠪᠠᠨ ᠨᠢᠭᠡᠳᠦᠭᠡᠷ ᠰᠠᠷ᠎ᠠ ᠶᠢᠨ 23-25 ᠳᠤ ᠰᠸᠦ᠋ᠯ ᠬᠤᠲᠠᠨ᠎ᠠ ᠠᠮᠵᠢᠯᠲᠠᠲᠠᠶ ᠵᠣᠬᠢᠶᠠᠨ ᠪᠠᠶᠢᠭᠤᠯᠤᠭᠳᠠᠪᠠ᠃ ᠬᠤᠷᠠᠯᠳᠤᠭᠠᠨ ᠢ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ᠂ ᠮᠣᠩᠭᠣᠯ ᠤᠨ ᠬᠡᠰᠡᠭ ᠤᠨ ᠳᠠᠷᠤᠭ᠎ᠠ ᠳ᠋᠊ ·ᠠᠮᠤᠷᠪᠠᠶᠠᠰᠬᠤᠯᠠᠩ᠂ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠨ ᠭᠠᠳᠠᠭᠠᠳᠤ ᠬᠡᠷᠡᠭ ᠤᠨ ᠳᠡᠳ᠋ ᠰᠠᠶᠢᠳ᠂ ᠰᠣᠯᠤᠩᠭᠤᠰ ᠤᠨ ᠬᠡᠰᠡᠭ ᠤᠨ ᠳᠠᠷᠤᠭ᠎ᠠ ᠯᠢ ᠳ᠋ᠤ ᠬᠤᠨ ᠨᠠᠷ ᠠᠬᠠᠯᠠᠵᠤ᠂ ᠬᠤᠶᠠᠷ ᠤᠯᠤᠰ ᠤᠨ ᠶᠠᠮᠤᠨ᠂ ᠪᠠᠶᠢᠭᠤᠯᠤᠯᠭ᠎ᠠ ᠶᠢᠨ ᠠᠯᠪᠠᠨ ᠤ ᠲᠥᠯᠦᠭᠡᠯᠡᠯ ᠣᠷᠣᠯᠴᠠᠪᠠ᠃
ᠬᠤᠷᠠᠯᠳᠤᠭᠠᠨ ᠤ ᠦᠶ᠎ᠡ ᠪᠠᠷ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠨ ᠬᠥᠩᠭᠡᠯᠡᠯᠲᠡᠲᠠᠢ ᠵᠢᠭᠡᠯᠡ᠂ ᠪᠤᠴᠠᠯᠲᠠ ᠦᠭᠡᠢ ᠲᠤᠰᠠᠯᠠᠮᠵᠢ ᠪᠠᠷ ᠬᠡᠷᠡᠭᠵᠢᠭᠦᠯᠵᠦ ᠪᠤᠶ ᠲᠥᠰᠥᠯ᠂ ᠬᠥᠲᠥᠯᠪᠦᠷᠢ ᠶᠢᠨ ᠬᠡᠷᠡᠭᠵᠢᠯᠲᠡ ᠶᠢ ᠡᠷᠴᠢᠮᠵᠢᠭᠦᠯᠵᠦ᠂ ᠬᠠᠷᠢᠯᠴᠠᠨ ᠠᠰᠢᠭ ᠲᠠᠢ ᠬᠠᠮᠲᠤ ᠶᠢᠨ ᠠᠵᠢᠯᠯᠠᠭ᠎ᠠ ᠶᠢ ᠬᠥᠬᠢᠭᠦᠯᠦᠨ ᠳᠡᠮᠵᠢᠵᠦ ᠠᠵᠢᠯᠯᠠᠬᠤ ᠲᠤᠬᠠᠢ ᠶᠠᠷᠢᠯᠴᠠᠪᠠ᠃ ᠰᠣᠯᠤᠩᠭᠤᠰ ᠤᠨ ᠲᠡᠯ᠎ᠠ ᠡᠭᠦᠨ ᠳᠤ ᠬᠥᠭᠵᠢᠯ ᠤᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠵᠥᠪᠯᠡᠯᠳᠦᠬᠦ ᠬᠤᠶᠠᠷ ᠲᠠᠯ᠎ᠠ ᠶᠢᠨ ᠠᠭᠤᠯᠵᠠᠯᠲᠠ ᠶᠢ ᠲᠤᠭᠳᠠᠮᠠᠯ ᠵᠣᠬᠢᠶᠠᠨ ᠪᠠᠶᠢᠭᠤᠯᠬᠤ ᠶᠢ ᠰᠠᠨᠠᠯ ᠪᠣᠯᠭᠠᠪᠠ᠃
ᠬᠥᠰᠢᠭᠡ ᠶᠢᠨ ᠬᠥᠨᠳᠡᠢ ᠶᠢᠨ ᠡᠳ᠋ ᠤᠨ ᠵᠠᠰᠠᠭ ᠤᠨ ᠴᠢᠯᠦᠭᠡᠳᠦ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠨ ᠤᠬᠠᠭᠠᠯᠢᠭ ᠬᠤᠳᠠ ᠪᠠᠶᠢᠭᠤᠯᠤᠭᠰᠠᠨ ᠲᠤᠷᠰᠢᠯᠭ᠎ᠠ ᠶᠢ ᠰᠤᠳᠤᠯᠬᠤ ᠴᠢᠭᠯᠡᠯ ᠢᠶᠠᠷ ᠬᠡᠷᠡᠭᠵᠢᠭᠦᠯᠵᠦ ᠪᠤᠶ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠰᠣᠯᠤᠩᠭᠤᠰ ᠤᠨ︽K -City Network︾ᠲᠥᠰᠥᠯ ᠬᠥᠲᠥᠯᠪᠦᠷᠢ ᠶᠢ︽ᠰᠢᠨ᠎ᠡ ᠵᠠᠭᠤᠨᠮᠣᠳᠤ︾ᠬᠤᠲᠠ ᠳᠤ ᠬᠡᠷᠡᠭᠵᠢᠭᠦᠯᠬᠦ᠂ ᠠᠯᠲᠠᠨᠪᠤᠯᠠᠭ ᠤᠨ ᠲᠡᠭᠡᠭᠡᠪᠦᠷᠢ᠂ ᠯᠤᠭᠢᠰᠲ᠋ᠢᠺ ᠤᠨ ᠲᠥᠪ ᠪᠠᠶᠢᠭᠤᠯᠬᠤ ᠲᠧᠭᠨᠢᠭ᠂ ᠡᠳ᠋ ᠤᠨ ᠵᠠᠰᠠᠭ ᠤᠨ ᠦᠨᠳᠦᠰᠦᠯᠡᠯ ᠢ ᠪᠣᠯᠪᠠᠰᠤᠷᠠᠭᠤᠯᠬᠤ᠂ ᠲᠥᠰᠥᠯ ᠤᠨ ᠳᠠᠷᠠᠭ᠎ᠠ ᠶᠢᠨ ᠱᠠᠲᠤᠨ ᠳᠤ ᠠᠯᠲᠠᠨᠪᠤᠯᠠᠭ ᠤᠨ ᠲᠡᠭᠡᠭᠡᠪᠦᠷᠢ᠂ ᠯᠤᠭᠢᠰᠲ᠋ᠢᠺ ᠤᠨ ᠲᠥᠪ ᠢ ᠪᠠᠷᠢᠵᠤ ᠪᠠᠶᠢᠭᠤᠯᠬᠤ ᠲᠥᠰᠥᠯ ᠢ ᠬᠡᠷᠡᠭᠵᠢᠭᠦᠯᠬᠦ ᠲᠠᠯ᠎ᠠ ᠪᠠᠷ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃
ᠰᠣᠯᠤᠩᠭᠤᠰ ᠤᠨ ᠲᠡᠯ᠎ᠠ ᠭᠠᠵᠠᠷ ᠤᠨ ᠬᠤᠪᠦᠷ ᠡᠯᠧᠮᠧᠨ᠋ᠲ᠂ ᠬᠠᠭᠠᠰ ᠳᠠᠮᠵᠢᠭᠤᠯᠤᠭᠴᠢ ᠶᠢᠨ ᠲᠦᠭᠦᠬᠡᠢ ᠡᠳ᠋ ᠨᠡᠶᠢᠯᠡᠭᠦᠯᠬᠦ ᠳᠤ ᠮᠣᠩᠭᠤᠯ ᠤᠯᠤᠰ ᠲᠠᠢ ᠬᠠᠮᠲᠤᠷᠠᠨ ᠠᠵᠢᠯᠯᠠᠬᠤ ᠰᠤᠨᠢᠷᠬᠠᠯ ᠢᠶᠠᠨ ᠨᠤᠲᠠᠯᠠᠵᠤ᠂︽ᠭᠠᠵᠠᠷ ᠤᠨ ᠬᠤᠪᠦᠷ ᠮᠧᠲ᠋ᠠᠯ ᠤᠨ ᠬᠠᠮᠲᠤᠷᠠᠭᠰᠠᠨ ᠰᠤᠳᠤᠯᠭᠠᠨ ᠤ ᠲᠥᠪ︾ ᠢ ᠮᠣᠩᠭᠤᠯ ᠤᠯᠤᠰ ᠲᠤ ᠪᠠᠶᠢᠭᠤᠯᠬᠤ᠂ ᠭᠠᠵᠠᠷ ᠤᠨ ᠬᠤᠪᠦᠷ ᠮᠧᠲ᠋ᠠᠯ ᠤᠨ ᠴᠢᠭᠯᠡᠯ ᠢᠶᠠᠷ ᠬᠠᠮᠲᠤᠷᠠᠨ ᠠᠵᠢᠯᠯᠠᠬᠤ ᠬᠠᠮᠲᠤᠷᠠᠭᠰᠠᠨ ᠠᠵᠢᠯ ᠤᠨ ᠬᠡᠰᠡᠭ ᠤᠨ ᠠᠭᠤᠯᠵᠠᠯᠲᠠ ᠶᠢ ᠣᠶᠢᠷ᠎ᠠ ᠶᠢᠨ ᠬᠤᠭᠤᠴᠠᠭᠠᠨ ᠳᠤ ᠵᠣᠬᠢᠶᠠᠨ ᠪᠠᠶᠢᠭᠤᠯᠬᠤ ᠪᠠᠷ ᠲᠣᠭᠲᠠᠪᠠ᠃