《ᠮᠣᠩᠭᠣᠯ ᠤᠨ ᠨᠢᠭᠤᠴᠠ ᠲᠤᠪᠴᠢᠶᠠᠨ》 ᠢ ᠳᠡᠯᠡᠬᠡᠢ ᠶᠢᠨ ᠰᠤᠶᠤᠯ ᠤᠨ ᠥᠪ ᠲᠦ ᠪᠦᠷᠢᠳᠭᠡᠭᠦᠯᠦᠨ᠎ᠡ | News.MN

《ᠮᠣᠩᠭᠣᠯ ᠤᠨ ᠨᠢᠭᠤᠴᠠ ᠲᠤᠪᠴᠢᠶᠠᠨ》 ᠢ ᠳᠡᠯᠡᠬᠡᠢ ᠶᠢᠨ ᠰᠤᠶᠤᠯ ᠤᠨ ᠥᠪ ᠲᠦ ᠪᠦᠷᠢᠳᠭᠡᠭᠦᠯᠦᠨ᠎ᠡ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ᠽᠠᠨᠳᠠᠨᠰᠢᠲᠠᠷ᠎ᠠ 11 ᠰᠠᠷ᠎ᠠ ᠶᠢᠨ 29 ᠳᠦ ᠪᠣᠯᠪᠠᠰᠤᠷᠠᠯ᠂ ᠰᠢᠨᠵᠢᠯᠡᠬᠦ ᠤᠬᠠᠭᠠᠨ ᠤ ᠳᠡᠳ᠋ ᠰᠠᠶᠢᠳ ᠭ∙ᠭᠠᠩᠪᠠᠶᠠᠷ᠂ ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠭ∙ᠠᠮᠤᠷᠲᠦ᠋ᠪᠰᠢᠨ᠂ ᠰᠣᠶᠣᠯ ᠤᠨ ᠳᠡᠳ᠋ ᠰᠠᠶᠢᠳ ᠮ ∙ ᠪᠠᠲᠤᠪᠠᠶᠠᠷ᠂ ᠰᠣᠶᠣᠯ ᠤᠨ ᠶᠠᠮᠤᠨ ᠤ ᠰᠣᠶᠣᠯ ᠤᠨ ᠥᠪ ᠦᠨ ᠭᠠᠵᠠᠷ ᠤᠨ ᠳᠠᠷᠤᠭ᠎ᠠ ᠪ ∙ᠳᠠᠸᠠᠰᠡᠷᠡᠩ᠂  ᠶᠤᠨᠧᠰᠺᠤ ᠶᠢᠨ ᠮᠣᠩᠭᠣᠯ ᠤᠨ ᠦᠨᠳᠦᠰᠦᠨ ᠦ ᠺᠣᠮᠢᠰ ᠤᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠰ ∙ ᠪᠤᠯᠤᠳᠰᠠᠢᠬᠠᠨ᠂ ᠮᠣᠩᠭᠣᠯ ᠤᠯᠤᠰ ᠤᠨ ᠠᠷᠠᠳ ᠤᠨ ᠪᠠᠭᠰᠢ᠂ ᠳ ∙ ᠪᠠᠳᠢᠷᠴᠢ ᠨᠠᠷ ᠢ ᠬᠦᠯᠢᠶᠡᠨ ᠠᠪᠴᠤ ᠠᠭᠤᠯᠵᠠᠯ᠎ᠠ᠃
ᠭ ∙ᠽᠠᠨᠳᠠᠨᠰᠢᠲᠠᠷ᠎ᠠ᠄《ᠮᠣᠩᠭᠣᠯ ᠤᠨ ᠨᠢᠭᠤᠴᠠ ᠲᠤᠪᠴᠢᠶᠠᠨ》 ᠢ U N E S C O ᠤᠨ ᠳᠡᠯᠡᠬᠡᠢ ᠶᠢᠨ ᠰᠣᠶᠣᠯ ᠤᠨ ᠥᠪ ᠲᠦ ᠪᠦᠷᠢᠳᠬᠡᠭᠦᠯᠬᠦ ᠠᠵᠢᠯ ᠤᠨ ᠬᠡᠰᠡᠭ ᠪᠠᠶᠢᠭᠤᠯᠵᠤ᠂ ᠠᠵᠢᠯ ᠤᠨ ᠬᠡᠰᠡᠭ ᠢ ᠤᠯᠤᠰ ᠤᠨ ᠶᠡᠬᠡ ᠬᠤᠷᠠᠯ ᠤᠨ ᠭᠡᠰᠢᠭᠦᠨ ᠭ ∙ ᠮᠥᠩᠬᠡᠴᠡᠴᠡᠭ ᠠᠬᠠᠯᠠᠬᠤ ᠪᠠᠷ ᠪᠣᠯᠤᠭᠰᠠᠨ ᠢ ᠲᠠᠨᠢᠯᠴᠠᠭᠤᠯᠪᠠ᠃《ᠮᠣᠩᠭᠣᠯ ᠤᠨ ᠨᠢᠭᠤᠴᠠ ᠲᠤᠪᠴᠢᠶᠠᠨ》  ᠢ ᠳᠡᠯᠡᠬᠡᠢ ᠶᠢᠨ ᠰᠤᠶᠤᠯ ᠤᠨ ᠥᠪ ᠲᠦ ᠪᠥᠷᠢᠳᠬᠡᠭᠦᠯᠬᠦ ᠪᠡᠷ ᠬᠠᠨᠳᠤᠵᠤ ᠪᠠᠶᠢᠭ᠎ᠠ ᠴᠤ ᠲᠣᠳᠣᠷᠬᠠᠢ ᠦᠷ᠎ᠡ ᠳ᠋ᠦᠩ ᠳᠦ ᠬᠦᠷᠦᠭᠡ ᠦᠭᠡᠢ ᠨᠢ ᠬᠠᠷᠢᠭᠤᠴᠠᠭᠰᠠᠨ ᠶᠠᠮᠤᠨ ᠪᠣᠯᠤᠨ ᠡᠷᠳᠡᠮᠲᠡᠳ ᠦᠨ ᠬᠠᠷᠢᠯᠴᠠᠨ ᠣᠶᠢᠯᠠᠭᠠᠯᠴᠠᠯ᠂ ᠬᠠᠮᠲᠤ ᠶᠢᠨ ᠠᠵᠢᠯᠯᠠᠭ᠎ᠠ ᠳᠤᠲᠠᠭᠳᠠᠵᠤ ᠪᠠᠶᠢᠭ᠎ᠠ ᠶᠢᠨ ᠢᠯᠡᠷᠬᠡᠶᠢᠯᠡᠯ ᠶᠤᠮ᠃

ᠮᠣᠩᠭᠣᠯ ᠤᠨ ᠡᠵᠡᠨᠲᠦ ᠭᠦᠷᠦᠨ ᠦ ᠲᠡᠦᠬᠡ᠂ ᠨᠡᠩ ᠢᠯᠠᠩᠭᠤᠶ᠎ᠠ ᠾᠦᠩᠨᠤ᠂ ᠶᠡᠬᠡ ᠮᠣᠩᠭᠣᠯ ᠤᠨ ᠲᠡᠦᠬᠡ᠂ ᠰᠤᠶᠤᠯ ᠨᠢ ᠮᠠᠨ ᠤ ᠤᠯᠤᠰ ᠤᠨ ᠲᠤᠰᠠᠭᠠᠷ ᠲᠣᠭᠲᠠᠨᠢᠯ᠂ ᠣᠷᠣᠰᠢᠨ ᠲᠣᠭᠲᠠᠨᠢᠬᠤ ᠡᠷᠬᠡ ᠶᠢᠨ ᠭᠣᠣᠯ ᠪᠠᠲᠤᠯᠠᠭ᠎ᠠ ᠪᠣᠯᠳᠠᠭ᠃ ᠡᠨᠡ ᠡᠭᠦᠳᠡᠨ ᠡᠴᠡ ᠡᠬᠡ ᠲᠡᠦᠬᠡ ᠪᠡᠨ ᠵᠥᠪ ᠬᠠᠳᠠᠭᠠᠯᠠᠵᠤ᠂ ᠬᠠᠮᠠᠭᠠᠯᠠᠬᠤ ᠨᠢᠭᠡ ᠠᠷᠭ᠎ᠠ ᠵᠠᠮ ᠪᠣᠯ ᠲᠡᠦᠬᠡ᠂ ᠰᠤᠶᠤᠯ ᠤᠨ ᠭᠣᠣᠯᠯᠠᠬᠤ ᠨᠣᠲᠠᠯᠠᠭ᠎ᠠ ᠪᠣᠯᠬᠤ ᠥᠪ ᠦᠳ ᠢ U N E S C O ᠤᠨ ᠳᠡᠯᠡᠬᠡᠢ ᠶᠢᠨ ᠰᠤᠶᠤᠯ ᠤᠨ ᠥᠪ ᠲᠦ ᠪᠥᠷᠢᠳᠬᠡᠭᠦᠯᠬᠦ ᠶᠠᠪᠤᠳᠠᠯ ᠶᠤᠮ ᠭᠡᠯ᠎ᠡ᠃

ᠰᠡᠳᠬᠢᠭᠳᠡᠯ ᠦᠯᠡᠳᠡᠭᠡᠬᠦ