ᠤ᠊ ∙ ᠬᠦᠷᠡᠯᠰᠦ᠋ᠬᠡ ᠶᠠᠫᠣᠨ᠂ ᠮᠣᠩᠭᠣᠯ ᠤᠨ ᠡᠳ᠋ ᠦᠨ ᠵᠠᠰᠠᠭ ᠤᠨ ᠬᠣᠷᠢᠶᠠᠨ ᠤ ᠭᠡᠰᠢᠭᠦᠳ ᠢ ᠬᠦᠯᠢᠶᠡᠨ ᠠᠪᠴᠤ ᠠᠭᠤᠯᠵᠠᠪᠠ | News.MN

ᠤ᠊ ∙ ᠬᠦᠷᠡᠯᠰᠦ᠋ᠬᠡ ᠶᠠᠫᠣᠨ᠂ ᠮᠣᠩᠭᠣᠯ ᠤᠨ ᠡᠳ᠋ ᠦᠨ ᠵᠠᠰᠠᠭ ᠤᠨ ᠬᠣᠷᠢᠶᠠᠨ ᠤ ᠭᠡᠰᠢᠭᠦᠳ ᠢ ᠬᠦᠯᠢᠶᠡᠨ ᠠᠪᠴᠤ ᠠᠭᠤᠯᠵᠠᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠠᠫᠣᠨ ᠤᠯᠤᠰ ᠲᠤ ᠬᠢᠵᠦ ᠪᠤᠢ ᠲᠥᠷᠦ ᠶᠢᠨ ᠠᠶᠢᠯᠴᠢᠯᠠᠯ ᠤᠨ ᠬᠦᠷᠢᠶᠡᠨ ᠳᠦ 11 ᠳ᠋ᠦ᠋ᠭᠡᠷ ᠰᠠᠷ᠎ᠠ ᠶᠢᠨ 29  ᠦ ᠡᠳᠦᠷ ᠶᠠᠫᠣᠨ᠂ ᠮᠣᠩᠭᠣᠯ ᠤᠨ ᠡᠳ᠋  ᠦᠨ ᠵᠠᠰᠠᠭ ᠤᠨ ᠬᠣᠷᠢᠶᠠᠨ ᠤ ᠲᠡᠷᠢᠭᠦᠨ ᠴᠤᠪᠠᠢ ᠾᠢᠷᠤᠶᠤᠺᠢ ᠲᠡᠷᠢᠭᠦᠲᠡᠢ ᠭᠡᠰᠢᠭᠦᠳ ᠢ ᠬᠦᠯᠢᠶᠡᠨ ᠠᠪᠴᠤ ᠠᠭᠤᠯᠵᠠᠯ᠎ᠠ᠃
ᠲᠡᠷᠡ᠄ ᠲᠤᠰ ᠬᠣᠷᠢᠶ᠎ᠠ ᠨᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ᠂ ᠢᠯᠠᠩᠭᠤᠶ᠎ᠠ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠳᠦ ᠦᠨᠡᠲᠡᠢ ᠬᠤᠪᠢ ᠨᠡᠮᠡᠷᠢ ᠣᠷᠣᠭᠤᠯᠵᠤ ᠢᠷᠡᠭᠰᠡᠨ ᠢ ᠲᠡᠮᠳᠡᠭᠯᠡᠪᠡ᠃ ᠡᠨᠡ ᠤᠳᠠᠭ᠎ᠠ ᠶᠢᠨ ᠠᠶᠢᠯᠴᠢᠯᠠᠯ ᠤᠨ ᠦᠶ᠎ᠡ ᠪᠡᠷ ᠬᠣᠶᠠᠷ ᠣᠷᠣᠨ ᠤ ᠲᠥᠷᠦ᠂ ᠬᠤᠪᠢ ᠶᠢᠨ ᠬᠡᠪᠰᠢᠯ ᠦᠨ ᠡᠭᠡᠯᠵᠢᠲᠦ ᠵᠦᠪᠯᠡᠯᠳᠦᠬᠦ ᠠᠭᠤᠯᠵᠠᠯᠲᠠ ᠵᠣᠬᠢᠶᠠᠨ ᠪᠠᠶᠢᠭᠤᠯᠬᠤ ᠭᠡᠵᠦ ᠪᠤᠢ ᠶᠢ ᠳᠤᠷᠠᠳᠴᠤ᠂ ᠡᠳ᠋  ᠦᠨ ᠵᠠᠰᠠᠭ ᠢᠶᠠᠨ ᠲᠥᠷᠦᠯᠵᠢᠭᠦᠯᠦᠨ᠂ ᠣᠯᠠᠨ ᠲᠤᠯᠭᠠᠭᠤᠷᠢᠲᠤ ᠡᠳ᠋ ᠦᠨ ᠵᠠᠰᠠᠭ ᠤᠨ ᠪᠦᠲᠦᠴᠡ ᠲᠡᠢ ᠪᠣᠯᠭᠠᠬᠤ᠂ ᠡᠺᠰᠫᠣᠷᠲ ᠤᠨ ᠴᠢᠳᠠᠪᠬᠢ ᠶᠢ ᠳᠡᠭᠡᠭᠰᠢᠯᠡᠭᠦᠯᠬᠦ ᠶᠢᠨ ᠴᠢᠬᠤᠯᠠ ᠶᠢ ᠲᠡᠮᠳᠡᠭᠯᠡᠪᠡ᠃

ᠰᠡᠳᠬᠢᠭᠳᠡᠯ ᠦᠯᠡᠳᠡᠭᠡᠬᠦ