ᠴᠠᠭᠠᠨ ᠵᠡᠭᠡᠷ᠎ᠡ ᠶᠢᠨ ᠰᠦᠷᠦᠭ ᠰᠤᠮᠤ ᠶᠢᠨ ᠲᠥᠪ  ᠲᠤ ᠨᠡᠭᠦᠳᠡᠯᠯᠡᠨ ᠢᠷᠡᠵᠡᠢ | News.MN

ᠴᠠᠭᠠᠨ ᠵᠡᠭᠡᠷ᠎ᠡ ᠶᠢᠨ ᠰᠦᠷᠦᠭ ᠰᠤᠮᠤ ᠶᠢᠨ ᠲᠥᠪ  ᠲᠤ ᠨᠡᠭᠦᠳᠡᠯᠯᠡᠨ ᠢᠷᠡᠵᠡᠢ

ᠴᠠᠭ ᠬᠦᠢᠲᠡᠷᠡᠵᠦ᠂ ᠴᠠᠰᠤ ᠬᠠᠶᠠᠯᠠᠭᠰᠠᠨ᠂ ᠵᠢᠪᠠᠷ ᠲᠠᠴᠢᠭᠢᠨᠠᠭᠰᠠᠨ ᠡᠪᠦᠯ ᠦᠨ ᠬᠦᠢᠲᠡᠨ ᠡᠳᠦᠷ ᠦᠳ ᠲᠦ ᠳᠣᠷᠣᠨᠠᠭᠣᠪᠢ ᠠᠶᠢᠮᠠᠭ ᠤᠨ ᠠᠶᠢᠷᠠᠭ᠂ ᠳᠠᠯᠠᠨᠵᠢᠷᠭᠠᠯᠠᠩ ᠰᠤᠮᠤ ᠶᠢᠨ ᠨᠤᠲᠤᠭ ᠢᠶᠠᠷ 1000 ᠭᠠᠷᠤᠢ ᠴᠠᠭᠠᠨ ᠵᠡᠭᠡᠷ᠎ᠡ ᠨᠡᠭᠦᠳᠡᠯᠯᠡᠨ ᠢᠷᠡᠵᠡᠢ᠃ ᠬᠡᠭᠡᠷ᠎ᠡ ᠶᠢᠨ ᠠᠮᠢᠲᠠᠨ ᠤ ᠵᠠᠷᠢᠮ ᠨᠢ ᠲᠡᠮᠦᠷ ᠵᠠᠮ ᠤᠨ ᠥᠷᠭᠡᠰᠦ ᠲᠡᠢ ᠲᠤᠤᠷ ᠲᠤ ᠣᠷᠢᠶᠠᠴᠠᠯᠳᠤᠭᠰᠠᠨ ᠪᠣᠯ ᠵᠠᠷᠢᠮ ᠨᠢ ᠭᠡᠷ ᠦᠨ ᠨᠣᠬᠠᠢ ᠳᠤ ᠪᠠᠷᠢᠭᠤᠯᠵᠤ᠂ ᠵᠠᠷᠢᠮ ᠨᠢ ᠮᠥᠰᠦᠨ ᠳᠡᠭᠡᠷ᠎ᠡ ᠤᠨᠠᠵᠤ ᠠᠮᠢᠳᠤ ᠪᠠᠷ ᠢᠶᠠᠨ ᠨᠠᠭᠠᠯᠳᠤᠨ ᠲᠠᠷᠴᠢᠯᠠᠵᠤ ᠪᠠᠶᠢᠨ᠎ᠠ᠃
ᠳᠠᠯᠠᠨᠵᠢᠷᠭᠠᠯᠠᠩ ᠰᠤᠮᠤ ᠶᠢᠨ ᠶᠡᠬᠡ ᠨᠠᠷᠠᠲᠤ ᠶᠢᠨ ᠪᠠᠢᠭᠠᠯᠢ ᠶᠢᠨ ᠨᠥᠭᠡᠴᠡ ᠭᠠᠵᠠᠷ ᠤᠨ ᠬᠠᠮᠠᠭᠠᠯᠠᠯᠲᠠ ᠶᠢᠨ ᠵᠠᠬᠢᠷᠭᠠᠨ ᠤ ᠪᠠᠶᠢᠭᠠᠯᠢ ᠬᠠᠮᠠᠭᠠᠯᠠᠭᠴᠢᠳ ᠰᠠᠯᠬᠢ ᠤᠷᠤᠭᠤᠳᠠᠨ ᠢᠷᠡᠭᠰᠡᠨ ᠴᠠᠭᠠᠨ ᠵᠡᠭᠡᠷ᠎ᠡ ᠶᠢᠨ ᠠᠮᠠ ᠶᠢ ᠠᠪᠤᠷᠠᠵᠤ ᠡᠬᠡ ᠪᠠᠶᠢᠭᠠᠯᠢ ᠳᠤ ᠨᠢ ᠬᠦᠷᠭᠡᠬᠦ ᠪᠡᠷ ᠡᠳᠦᠷ  ᠰᠦᠨᠢ ᠦᠭᠡᠢ ᠠᠵᠢᠯᠯᠠᠵᠤ ᠪᠠᠶᠢᠨ᠎ᠠ᠃ ᠰᠤᠮᠤ ᠶᠢᠨ ᠲᠥᠪ ᠦᠨ ᠤᠷᠳᠤ ᠪᠠᠶᠢᠬᠤ ᠥᠨᠵᠢᠭᠰᠡᠨ ᠨᠠᠭᠤᠷ ᠤᠨ ᠮᠥᠰᠦᠨ ᠳᠡᠭᠡᠷ᠎ᠡ ᠨᠠᠭᠠᠯᠳᠤᠭᠰᠠᠨ ᠴᠠᠭᠠᠨ ᠵᠡᠭᠡᠷ᠎ᠡ ᠶᠢᠨ ᠵᠠᠷᠢᠮ ᠢ ᠠᠪᠤᠷᠠᠬᠤ ᠪᠠᠷ ᠠᠵᠢᠯᠯᠠᠵᠤ ᠪᠠᠶᠢᠨ᠎ᠠ ᠬᠡᠮᠡᠨ ᠲᠤᠰ ᠰᠤᠮᠤ ᠶᠢᠨ ᠬᠠᠮᠠᠭᠠᠯᠠᠯᠲᠠ ᠶᠢᠨ ᠵᠠᠬᠢᠷᠭᠠᠨ ᠤ ᠳᠠᠷᠤᠭ᠎ᠠ ᠲ ∙  ᠠᠨᠠᠨᠳᠠᠫᠦ᠋ᠷᠪᠦ ᠮᠡᠳᠡᠭᠡᠯᠡᠭᠰᠡᠨ ᠶᠤᠮ᠃

ᠰᠡᠳᠬᠢᠭᠳᠡᠯ ᠦᠯᠡᠳᠡᠭᠡᠬᠦ