ᠨᠡᠶᠢᠭᠡᠮ ᠤᠨ ᠳᠠᠭᠠᠳᠬᠠᠯ ᠤᠨ ᠰᠠᠩ ᠤᠨ ᠣᠷᠣᠯᠭ᠎ᠠ 2.8 ᠶᠡᠬᠡ ᠨᠠᠶᠤᠳ ᠲᠥᠭᠥᠷᠢᠭ ᠪᠣᠯᠪᠠ | News.MN

ᠨᠡᠶᠢᠭᠡᠮ ᠤᠨ ᠳᠠᠭᠠᠳᠬᠠᠯ ᠤᠨ ᠰᠠᠩ ᠤᠨ ᠣᠷᠣᠯᠭ᠎ᠠ 2.8 ᠶᠡᠬᠡ ᠨᠠᠶᠤᠳ ᠲᠥᠭᠥᠷᠢᠭ ᠪᠣᠯᠪᠠ

ᠨᠡᠶᠢᠭᠡᠮ ᠤᠨ ᠳᠠᠭᠠᠳᠬᠠᠯ ᠤᠨ ᠰᠠᠩ ᠤᠨ ᠣᠷᠣᠯᠭ᠎ᠠ ᠡᠨᠡ ᠣᠨ ᠤ ᠡᠬᠢᠨ ᠦ 10 ᠰᠠᠷ᠎ᠠ ᠳᠤ 2.8 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ 701.5︵32.8 ᠬᠤᠪᠢ︶ ᠲᠡᠷᠪᠤᠮ᠂ ᠨᠡᠶᠢᠲᠡ ᠵᠠᠷᠤᠯᠭ᠎ᠠ 2.8 ᠶᠡᠬᠡ ᠨᠠᠶᠤᠳ ᠲᠥᠭᠥᠷᠢᠭ ᠪᠣᠯᠵᠤ᠂ 708.3︵33.9%︶ ᠲᠡᠷᠪᠤᠮ ᠲᠥᠭᠥᠷᠢᠭ ᠢᠶᠡᠷ ᠨᠡᠮᠡᠭᠳᠡᠯ᠎ᠡ᠃
ᠡᠷᠡᠭᠦᠯ ᠮᠡᠨᠳᠦ ᠶᠢᠨ ᠳᠠᠭᠠᠳᠬᠠᠯ ᠤᠨ ᠰᠠᠩ ᠤᠨ ᠣᠷᠣᠯᠭ᠎ᠠ ᠡᠨᠡ ᠣᠨ ᠤ ᠡᠬᠢᠨ ᠦ 10 ᠰᠠᠷ᠎ᠠ ᠳᠤ 1.1 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ 264.7︵32.6 ᠬᠤᠪᠢ︶ᠲᠡᠷᠪᠤᠮ᠂ ᠨᠡᠶᠢᠲᠡ ᠵᠠᠷᠤᠯᠭ᠎ᠠ 1.4 ᠶᠡᠬᠡ ᠨᠠᠶᠤᠳ ᠲᠥᠭᠥᠷᠢᠭ ᠪᠣᠯᠵᠤ᠂ 382.3︵36.9 ᠬᠤᠪᠢ︶ᠲᠡᠷᠪᠤᠮ ᠲᠥᠭᠥᠷᠢᠭ ᠢᠶᠡᠷ ᠨᠡᠮᠡᠭᠳᠡᠭᠰᠡᠨ ᠪᠠᠶᠢᠨ᠎ᠠ᠃
ᠨᠡᠶᠢᠲᠡ ᠵᠠᠷᠤᠳᠠᠯ ᠥᠰᠬᠦ ᠳᠦ ᠵᠠᠰᠠᠭ ᠤᠨ ᠭᠠᠵᠠᠷ ᠤᠨ ᠤᠷᠤᠰᠬᠠᠯ ᠰᠢᠯᠵᠢᠭᠦᠯᠭᠡ ᠶᠢᠨ ᠵᠠᠷᠤᠳᠠᠯ ᠡᠮᠦᠨᠡᠬᠢ ᠣᠨ ᠤ ᠮᠥᠨ ᠦᠶ᠎ᠡ ᠶᠢᠨ ᠬᠢ ᠡᠴᠡ 347︵36.1 ᠬᠤᠪᠢ︶ ᠲᠡᠷᠪᠤᠮ ᠲᠥᠭᠥᠷᠢᠭ ᠢᠶᠡᠷ ᠨᠡᠮᠡᠭᠳᠡᠭᠰᠡᠨ ᠨᠢ ᠨᠥᠯᠦᠭᠡᠯᠡᠭᠰᠡᠨ ᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ ᠮᠡᠳᠡᠭᠡᠯᠡᠪᠡ᠃

ᠰᠡᠳᠬᠢᠭᠳᠡᠯ ᠦᠯᠡᠳᠡᠭᠡᠬᠦ