ᠮᠣᠩᠭᠣᠯ ᠤᠯᠤᠰ 2011-2012 ᠣᠨ ᠳᠤ ᠡᠳ᠋ ᠦᠨ ᠵᠠᠰᠠᠭ ᠤᠨ ᠥᠰᠦᠯᠲᠡ 17.3 ᠪᠣᠯᠤᠨ 12.3 ᠬᠤᠪᠢ ᠲᠠᠢ᠂ ᠵᠢᠭᠡᠯᠡᠵᠢᠬᠦ ᠵᠡᠷᠭᠡᠯᠡᠯ ᠳᠡᠭᠡᠭᠦᠷ ᠪᠠᠶᠢᠭᠰᠠᠨ᠂ ᠡᠳ᠋ ᠤᠨ ᠵᠠᠰᠠᠭ ᠤᠨ ᠣᠷᠭᠢᠯ ᠦᠶ᠎ᠡ ᠳᠦ ᠪᠡᠨ 10 ᠵᠢᠯ ᠦᠨ ᠬᠤᠭᠤᠴᠠᠭ᠎ᠠ ᠲᠠᠢ᠂ 5.125 ᠬᠤᠪᠢ ᠶᠢᠨ ᠬᠦᠦ ᠲᠡᠢ᠂ ᠨᠢᠭᠡ ᠲᠡᠷᠪᠤᠮ ᠳ᠋ᠣᠯᠯᠠᠷ ᠤᠨ︽ᠴᠢᠩᠭᠢᠰ︾ᠪᠤᠨᠳ᠋ ᠭᠠᠷᠭᠠᠭᠰᠠᠨ᠃ ᠲᠡᠭᠡᠪᠡᠯ ᠲᠤᠰ ᠪᠤᠨᠳ᠋ ᠤᠨ ᠦᠯᠡᠳᠡᠭᠳᠡᠯ 136 ᠰᠠᠶ᠎ᠠ ᠳ᠋ᠣᠯᠯᠠᠷ ᠢ ᠰᠢᠯᠵᠢᠭᠦᠯᠬᠦ ᠡᠭᠦᠷᠭᠡ ᠶᠢ ᠶᠡᠷᠦᠩᠬᠡᠢ ᠰᠠᠶᠢᠳ ᠳᠥᠩᠭᠡᠵᠢ ᠰᠠᠶ᠋ᠢ ᠰᠠᠩ ᠤᠨ ᠰᠠᠶᠢᠳ ᠲᠤ ᠥᠭᠭᠦᠭᠰᠡᠨ ᠪᠠᠶᠢᠨ᠎ᠠ᠃
《ᠴᠢᠩᠭᠢᠰ》ᠪᠤᠨᠳ᠋ ᠤᠨ ᠮᠦᠩᠭᠦᠨ ᠦ 12.6 ᠬᠤᠪᠢ ᠶᠢ ᠳᠣᠲᠣᠭᠠᠳᠤ ᠶᠢᠨ ᠠᠷᠠᠯᠵᠢᠶᠠᠨ ᠤ ᠪᠠᠩᠭᠢ ᠨᠤᠭᠤᠳ ᠢᠶᠠᠷ ᠳᠠᠮᠵᠢᠭᠤᠯᠤᠨ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ᠂ ᠨᠣᠣᠰᠣ ᠨᠤᠯᠤᠤᠷ ᠤᠨ ᠰᠠᠯᠪᠤᠷᠢ ᠳᠤ ᠵᠢᠭᠡᠯᠡ ᠬᠡᠯᠪᠡᠷᠢ ᠪᠡᠷ ᠣᠯᠭᠤᠭᠰᠠᠨ ᠪᠣᠯ 24 ᠬᠤᠪᠢ ᠶᠢ ᠡᠷᠴᠢᠮ ᠬᠦᠴᠦ᠂ ᠬᠦᠨᠳᠦ ᠦᠢᠯᠡᠳᠪᠦᠷᠢᠯᠡᠯ᠂ ᠪᠠᠷᠢᠯᠭ᠎ᠠ ᠶᠢᠨ ᠰᠠᠯᠪᠤᠷᠢ ᠶᠢᠨ ᠲᠣᠮᠣᠬᠠᠨ ᠲᠥᠰᠥᠯ ᠬᠥᠲᠥᠯᠪᠦᠷᠢ ᠶᠢᠨ ᠰᠠᠩᠬᠦᠦᠵᠢᠯᠲᠡ ᠳᠦ ᠣᠯᠭᠤᠭᠰᠠᠨ ᠭᠡᠰᠡᠨ ᠲᠠᠶᠢᠯᠤᠨ ᠭᠠᠷᠴᠠᠢ᠃