ᠮᠤᠷᠢᠨ ᠬᠤᠭᠤᠷ ᠤᠨ ᠴᠢᠭᠤᠯᠭ᠎ᠠ NHK ᠲᠧᠯᠸᠢᠰ  ᠲᠦ ᠲᠣᠭᠯᠠᠯᠲᠠ ᠪᠠᠨ ᠬᠢᠯ᠎ᠡ | News.MN

ᠮᠤᠷᠢᠨ ᠬᠤᠭᠤᠷ ᠤᠨ ᠴᠢᠭᠤᠯᠭ᠎ᠠ NHK ᠲᠧᠯᠸᠢᠰ  ᠲᠦ ᠲᠣᠭᠯᠠᠯᠲᠠ ᠪᠠᠨ ᠬᠢᠯ᠎ᠡ

ᠮᠣᠩᠭᠤᠯ ᠤᠯᠤᠰ ᠤᠨ ᠹᠢᠯᠠᠷᠮᠣᠨᠢ ᠶᠢᠨ ᠮᠤᠷᠢᠨ ᠬᠤᠭᠤᠷ ᠤᠨ ᠴᠢᠭᠤᠯᠭ᠎ᠠ ᠶᠠᠫᠤᠨ ᠤᠯᠤᠰ ᠤᠨ ᠲᠤᠤᠺᠢᠣ᠋ ᠬᠤᠲᠠ ᠶᠢᠨ NHK ᠲᠧᠯᠸᠢᠰ ᠤᠨ ᠶᠡᠭᠡ ᠲᠠᠩᠬᠢᠮ ᠳᠤ ᠠᠷᠪᠠᠨ ᠨᠢᠭᠡᠳᠦᠭᠡᠷ ᠰᠠᠷ᠎ᠠ ᠶᠢᠨ 30  ᠳᠦ ᠲᠣᠭᠯᠠᠯᠲᠠ ᠪᠠᠨ ᠬᠢᠯ᠎ᠡ᠃

ᠮᠣᠩᠭᠤᠯ ᠤᠯᠤᠰ NHK hall   ᠳᠦ ᠲᠣᠭᠯᠠᠯᠲᠠ ᠬᠢᠬᠦ ᠵᠠᠬᠢᠶᠠᠯᠠᠭ᠎ᠠ ᠶᠢ ᠲᠠᠪᠤᠨ ᠵᠢᠯ ᠤᠨ ᠡᠮᠦᠨ᠎ᠡ ᠠᠴᠠ ᠥᠭᠴᠦ᠂ 2021 ᠣᠨ ᠤ ᠠᠷᠪᠠᠨ ᠨᠢᠭᠡᠳᠦᠭᠡᠷ ᠰᠠᠷ᠎ᠠ ᠳᠤ ᠪᠠᠲᠤᠯᠠᠭᠠᠵᠢᠭᠤᠯᠤᠭᠰᠠᠨ᠃ ᠦᠨᠳᠦᠰᠦᠨ ᠤ ᠥᠪ ᠰᠣᠶᠣᠯ ᠢᠶᠠᠷ ᠳᠠᠮᠵᠢᠭᠤᠯᠤᠨ ᠡᠬᠡ ᠣᠷᠤᠨ ᠢᠶᠠᠨ ᠰᠤᠷᠲᠠᠯᠴᠢᠯᠠᠨ ᠲᠠᠨᠢᠭᠤᠯᠵᠤ᠂ ᠠᠷᠤ ᠠᠴᠠ ᠨᠢ ᠡᠳ᠋ ᠤᠨ ᠵᠠᠰᠠᠭ ᠤᠨ ᠬᠠᠷᠢᠯᠴᠠᠭ᠎ᠠ ᠣᠷᠣᠵᠤ ᠢᠷᠡᠳᠡᠭ᠃ ᠡᠨᠡ ᠤᠳᠬ᠎ᠠ ᠪᠠᠷ ᠮᠤᠷᠢᠨ ᠬᠤᠭᠤᠷ ᠤᠨ ᠴᠢᠭᠤᠯᠭ᠎ᠠ ᠶᠢᠨ ᠶᠠᠫᠤᠨ ᠤᠯᠤᠰ ᠲᠤ ᠬᠢᠵᠦ ᠪᠤᠶ ᠲᠣᠭᠯᠠᠯᠲᠠ ᠬᠤᠶᠠᠷ ᠤᠯᠤᠰ ᠤᠨ ᠳ᠋ᠢᠫᠯᠤᠮᠠᠲ ᠬᠠᠷᠢᠯᠴᠠᠭᠠᠨ ᠳᠤ ᠮᠠᠰᠢ ᠴᠢᠬᠤᠯᠠ᠃ ᠮᠤᠷᠢᠨ ᠬᠤᠭᠤᠷ ᠤᠨ ᠴᠢᠭᠤᠯᠭ᠎ᠠ ᠪᠦᠷᠢᠠ ᠪᠦᠷᠢᠯᠳᠦᠬᠦᠨ ᠢᠶᠠᠷ ᠢᠶᠠᠨ ᠶᠠᠫᠤᠨ ᠤᠯᠤᠰ ᠤᠨ 13 ᠬᠤᠲᠠ ᠳᠤ ᠲᠣᠭᠯᠠᠯᠲᠠ ᠪᠠᠨ ᠬᠢᠭᠡᠳ ᠠᠷᠪᠠᠨ ᠬᠤᠶᠠᠳᠤᠭᠠᠷ ᠰᠠᠷ᠎ᠠ ᠶᠢᠨ ᠰᠡᠭᠦᠯᠴᠢ ᠪᠠᠷ  ᠡᠬᠡ ᠣᠷᠣᠨ ᠳᠤ ᠪᠠᠨ ᠢᠷᠠᠨ᠎ᠠ ᠭᠡᠵᠦ ᠰᠣᠶᠤᠯ ᠤᠨ ᠰᠠᠶᠢᠳ ᠴ᠊ · ᠨᠣᠮᠢᠨ ᠶᠠᠷᠢᠯ᠎ᠠ᠃

ᠰᠡᠳᠬᠢᠭᠳᠡᠯ ᠦᠯᠡᠳᠡᠭᠡᠬᠦ