ᠣᠯᠠᠨ ᠤᠯᠤᠰ ᠤᠨ ᠰᠠᠩᠬᠦᠦ ᠶᠢᠨ ᠲᠥᠪ ᠪᠠᠶᠢᠭᠤᠯᠬᠤ ᠡᠷᠬᠡ ᠵᠦᠢ ᠶᠢᠨ ᠣᠷᠴᠢᠨ ᠢ ᠪᠦᠷᠢᠳᠦᠭᠦᠯᠦᠨ᠎ᠡ | News.MN

ᠣᠯᠠᠨ ᠤᠯᠤᠰ ᠤᠨ ᠰᠠᠩᠬᠦᠦ ᠶᠢᠨ ᠲᠥᠪ ᠪᠠᠶᠢᠭᠤᠯᠬᠤ ᠡᠷᠬᠡ ᠵᠦᠢ ᠶᠢᠨ ᠣᠷᠴᠢᠨ ᠢ ᠪᠦᠷᠢᠳᠦᠭᠦᠯᠦᠨ᠎ᠡ

ᠬᠥᠰᠢᠭ ᠦᠨ ᠬᠥᠨᠳᠡᠢ ᠳᠦ ᠣᠯᠠᠨ ᠤᠯᠤᠰ ᠤᠨ ᠰᠠᠩᠬᠦᠦ ᠶᠢᠨ ᠲᠥᠪ ᠪᠠᠶᠢᠭᠤᠯᠬᠤ ᠡᠷᠬᠡ ᠵᠦᠢ ᠶᠢᠨ ᠣᠷᠴᠢᠨ ᠤ ᠲᠠᠯ᠎ᠠ ᠪᠠᠷ ᠬᠥᠰᠢᠭ ᠦᠨ ᠬᠥᠨᠳᠡᠢ ᠶᠢᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠦ ᠬᠣᠷᠢᠶᠠᠨ ᠤ ᠳᠠᠷᠤᠭ᠎ᠠ᠂ ᠮᠣᠩᠭᠣᠯ ᠤᠯᠤᠰ ᠤᠨ ᠰᠢᠳᠠᠷ ᠰᠠᠶᠢᠳ ᠰ ∙ ᠠᠮᠤᠷᠰᠠᠶᠢᠬᠠᠨ ᠵᠠᠰᠠᠭ ᠤᠨ ᠭᠠᠵᠠᠷ ᠤᠨ ᠭᠡᠰᠢᠭᠦᠳ ᠲᠦ ᠲᠠᠨᠢᠯᠴᠠᠭᠤᠯᠤᠯ᠎ᠠ᠃ ᠲᠠᠨᠢᠯᠴᠠᠭᠤᠯᠭ᠎ᠠ ᠲᠠᠢ ᠬᠣᠯᠪᠣᠭᠳᠠᠭᠤᠯᠤᠨ ᠣᠯᠠᠨ ᠤᠯᠤᠰ ᠤᠨ ᠰᠠᠩᠬᠦᠦ ᠶᠢᠨ ᠲᠥᠪ ᠪᠠᠶᠢᠭᠤᠯᠬᠤ ᠲᠤᠬᠠᠢ ᠬᠠᠤᠯᠢ ᠶᠢᠨ ᠲᠥᠰᠥᠯ ᠢ ᠪᠣᠯᠪᠠᠰᠤᠷᠠᠭᠤᠯᠵᠤ᠂ ᠵᠠᠰᠠᠭ ᠤᠨ ᠭᠠᠵᠠᠷ ᠤᠨ ᠬᠤᠷᠠᠯᠳᠤᠭᠠᠨ ᠳᠤ ᠬᠡᠯᠡᠯᠴᠡᠭᠦᠯᠬᠦ ᠪᠡᠷ ᠰᠢᠢᠳᠪᠦᠷᠢᠯᠡᠯ᠎ᠡ᠃
ᠣᠯᠠᠨ ᠤᠯᠤᠰ ᠤᠨ ᠰᠠᠩᠬᠦᠦ ᠶᠢᠨ ᠲᠥᠪ ᠢ ᠬᠥᠰᠢᠭ ᠦᠨ ᠬᠥᠨᠳᠡᠢ ᠶᠢᠨ ᠴᠢᠯᠦᠭᠡᠲᠦ ᠪᠥᠰᠡ ᠶᠢᠨ ᠪᠦᠷᠢᠯᠳᠦᠬᠦᠨ ᠬᠡᠰᠡᠭ ᠲᠦ ᠪᠠᠶᠢᠭᠤᠯᠵᠤ᠂ ᠳᠣᠲᠣᠭᠠᠳᠤ ᠶᠢᠨ ᠬᠥᠭᠵᠢᠯ ᠦᠨ ᠲᠣᠮᠣᠬᠠᠨ ᠲᠥᠰᠥᠯ ᠦᠳ ᠦᠨ ᠬᠥᠷᠥᠩᠭᠡ ᠣᠷᠣᠭᠤᠯᠤᠯᠲᠠ᠂ ᠰᠠᠩᠬᠦᠵᠢᠯᠲᠡ ᠶᠢᠨ ᠬᠡᠷᠡᠭᠴᠡᠭᠡ ᠶᠢ ᠬᠠᠩᠭᠠᠬᠤ ᠪᠡᠶ᠎ᠡ ᠳᠠᠭᠠᠭᠠᠭᠰᠠᠨ ᠲᠤᠰᠬᠠᠢ ᠵᠣᠬᠢᠴᠠᠭᠤᠯᠤᠯᠲᠠ ᠪᠦᠬᠦᠢ ᠲᠥᠪ ᠪᠣᠯᠭᠠᠨ ᠬᠥᠭᠵᠢᠭᠦᠯᠬᠦ ᠪᠣᠯᠤᠮᠵᠢ ᠪᠠᠶᠢᠨ᠎ᠠ ᠭᠡᠵᠦ  ᠵᠠᠰᠠᠭ ᠤᠨ ᠭᠠᠵᠠᠷ ᠦᠵᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ