︽ ᠲᠷᠢᠤ᠋︾ᠺᠢᠨᠣ᠋ ᠢᠷᠡᠬᠦ ᠬᠤᠶᠠᠳᠤᠭᠠᠷ ᠰᠠᠷ᠎ᠠ ᠳᠤ ᠮᠣᠩᠭᠤᠯ ᠳᠤ ᠨᠡᠭᠡᠭᠡᠯᠲᠡ ᠪᠠᠨ ᠬᠢᠨ᠎ᠡ | News.MN

︽ ᠲᠷᠢᠤ᠋︾ᠺᠢᠨᠣ᠋ ᠢᠷᠡᠬᠦ ᠬᠤᠶᠠᠳᠤᠭᠠᠷ ᠰᠠᠷ᠎ᠠ ᠳᠤ ᠮᠣᠩᠭᠤᠯ ᠳᠤ ᠨᠡᠭᠡᠭᠡᠯᠲᠡ ᠪᠠᠨ ᠬᠢᠨ᠎ᠡ

︽ᠲᠷᠢᠤ᠋︾ᠤᠷᠠᠨ ᠰᠠᠶᠢᠬᠠᠨ ᠤ ᠺᠢᠨᠣ᠋ 2023 ᠣᠨ ᠤ ᠬᠤᠶᠠᠳᠤᠭᠠᠷ ᠰᠠᠷ᠎ᠠ ᠶᠢᠨ 24 ᠳᠤ ᠮᠣᠩᠭᠤᠯ ᠳᠤ ᠨᠡᠭᠡᠭᠡᠯᠲᠡ ᠪᠠᠨ ᠬᠢᠬᠦ ᠪᠠᠷ ᠪᠣᠯᠵᠠᠢ᠃ ᠡᠨᠡ ᠬᠦ ᠺᠢᠨᠣ᠋ ᠨᠢ︽ᠬᠡᠨ ᠢ ᠴᠤ ᠠᠷᠤ ᠳᠠᠭᠠᠨ ᠪᠦᠦ ᠦᠯᠡᠳᠡᠭᠡ︾ᠭᠡᠰᠡᠨ ᠤᠳᠬ᠎ᠠ ᠰᠠᠨᠠᠭ᠎ᠠ ᠶᠢ ᠠᠭᠤᠯᠵᠤ᠂ ᠳ᠋ᠠᠸᠤᠨ ᠤ ᠬᠠᠮ ᠰᠢᠨᠵᠢ ᠲᠠᠢ ᠬᠥᠮᠥᠰ ᠤᠨ ᠡᠷᠬᠡ ᠶᠢ ᠬᠠᠮᠡᠭᠠᠯᠡᠬᠤ᠂ ᠡᠷᠭᠡ ᠲᠡᠭᠰᠢ ᠬᠦᠷᠲᠡᠭᠡᠮᠵᠢ ᠲᠠᠢ ᠨᠡᠶᠢᠭᠡᠮ ᠢ ᠴᠤᠭᠴᠠᠯᠠᠬᠤ ᠶᠢ ᠤᠷᠢᠶᠠᠯᠠᠭᠰᠠᠨ ᠪᠦᠲᠦᠭᠡᠯ ᠪᠢᠯᠡ᠃
︽ᠲᠷᠢᠤ᠋︾ᠺᠢᠨᠣ᠋ ᠣᠳᠣ ᠶᠢᠨ ᠪᠠᠶᠢᠳᠠᠯ ᠢᠶᠠᠷ ᠲᠡᠷᠡᠭᠠᠬᠢ ᠱᠠᠩᠨᠠᠯ ᠢ ᠣᠯᠠᠨ ᠤᠯᠤᠰ ᠠᠴᠠ ᠬᠦᠷᠲᠡᠭᠡᠳ ᠪᠠᠶᠢᠨ᠎ᠡ᠃ ᠡᠭᠦᠨ ᠳᠤ᠂ ᠲᠠᠶᠢᠯᠠᠨᠳ᠋ ᠣᠯᠠᠨ ᠤᠯᠤᠰ ᠤᠨ ᠺᠢᠨᠣ᠋ ᠨᠠᠭᠠᠳᠤᠮ ᠂ 2022 ᠣᠨ ᠤ  ᠠᠮᠧᠷᠢᠺᠠ ᠶᠢᠨ  ᠫᠠᠯᠢᠮ ᠰᠫᠢᠷᠢᠩᠰ ᠳ᠋ᠠᠸᠤᠨ ᠰᠢᠨᠳ᠋ᠷᠤᠮ ᠤᠨ ᠣᠯᠠᠨ ᠤᠯᠤᠰ ᠤᠨ ᠺᠢᠨᠣ᠋ ᠨᠠᠭᠠᠳᠤᠮ ᠂ 2022 ᠣᠨ ᠤ ᠤᠯᠠᠭᠠᠨᠪᠠᠭᠠᠲᠤᠷ ᠣᠯᠠᠨ ᠤᠯᠤᠰ ᠤᠨ ᠺᠢᠨᠣ᠋ ᠨᠠᠭᠠᠳᠤᠮ᠂ 2022 ᠣᠨ ᠤ ᠸᠡᠷᠱᠡᠸᠠ ᠶᠢᠨ ᠣᠯᠠᠨ ᠤᠯᠤᠰ ᠤᠨ ᠺᠢᠨᠣ᠋ ᠨᠠᠭᠠᠳᠤᠮ᠂ 2022 ᠣᠨ ᠤ ᠲᠠᠯᠯᠢ ᠶᠢᠨ ᠣᠯᠠᠨ ᠤᠯᠤᠰ ᠤᠨ ᠺᠢᠨᠣ᠋ ᠨᠠᠭᠠᠳᠤᠮ᠂  2022 ᠣᠨ ᠤ ᠮᠤᠨᠲᠷᠠᠢᠯ ᠤᠨ ᠺᠢᠨᠣ᠋ ᠨᠠᠭᠠᠳᠤᠮ ᠠᠴᠠ ᠲᠤᠰ  ᠲᠤᠰ ᠱᠠᠩᠨᠠᠯ ᠬᠦᠷᠲᠡᠭᠡᠳ ᠪᠠᠶᠢᠨ᠎ᠡ᠃

ᠰᠡᠳᠬᠢᠭᠳᠡᠯ ᠦᠯᠡᠳᠡᠭᠡᠬᠦ