ᠺᠠᠨᠠᠳᠠ ᠤᠯᠤᠰ ᠤᠨ ᠮᠤᠨᠷᠠᠢᠯ ᠬᠤᠲᠠᠨ᠎ᠠ 12 ᠳ᠋ᠤᠭᠠᠷ ᠰᠠᠷ᠎ᠠ ᠶᠢᠨ 7-20 ᠤ ᠡᠳᠦᠷ ᠵᠣᠬᠢᠶᠠᠨ ᠪᠠᠶᠢᠭᠤᠯᠤᠭᠳᠠᠵᠤ ᠪᠤᠶ ᠪᠢᠣᠯᠣᠭᠢ ᠶᠢᠨ ᠣᠯᠠᠨ ᠶᠠᠩᠵᠤ ᠪᠠᠶᠢᠳᠠᠯ ᠤᠨ ᠲᠤᠬᠠᠶ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠰᠠᠭᠤᠷᠢ ᠺᠣᠨ᠋ᠸᠧᠨ᠋ᠼ ᠤᠨ ᠲᠠᠯ᠎ᠠ ᠨᠤᠭᠤᠳ ᠤᠨ ᠪᠠᠭ᠎ᠠ ᠬᠤᠷᠠᠯ ᠤᠨ 15 ᠳ᠋ᠤᠭᠠᠷ ᠬᠤᠷᠠᠯᠳᠤᠭᠠᠨ ᠪᠤᠯᠦᠠ ᠲᠡᠭᠦᠨ ᠤ ᠳᠠᠭᠠᠯᠳᠤᠬᠤ ᠪᠢᠣ᠋ ᠠᠶᠤᠯᠭᠦᠢ ᠪᠠᠶᠢᠳᠠᠯ ᠤᠨ ᠲᠤᠬᠠᠶ ᠺᠠᠷᠲ᠋ᠠᠭᠧᠨ ᠤ ᠫᠷᠣᠲ᠋ᠣᠻᠣᠯ ᠤᠨ 10 ᠳ᠋ᠤᠭᠠᠷ ᠬᠤᠷᠠᠯ᠂ ᠭᠧᠨᠧᠲ᠋ᠢᠺ ᠨᠥᠭᠡᠴᠡ ᠶᠢᠨ ᠲᠤᠬᠠᠶ ᠨᠠᠭᠤᠶᠠ ᠶᠢᠨ ᠫᠷᠣᠲ᠋ᠣᠻᠣᠯ ᠤᠨ ᠳᠦᠷᠪᠡᠳᠦᠭᠡᠷ ᠬᠤᠷᠠᠯ ᠤᠨ ᠰᠠᠶᠢᠳ ᠨᠠᠷ ᠤᠨ ᠲᠦᠪᠰᠢᠨ ᠤ ᠠᠭᠤᠯᠵᠠᠯᠲᠠ ᠳᠤ ᠺᠠᠨᠠᠳᠠ ᠤᠯᠤᠰ ᠲᠤ ᠰᠠᠭᠤᠭ᠎ᠠ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ ᠶᠠ᠊ ·ᠠᠷᠢᠭᠤᠨᠪᠤᠯᠤᠳ ᠢᠶᠠᠷ ᠠᠬᠠᠯᠠᠭᠤᠯᠤᠭᠰᠠᠨ ᠵᠠᠰᠠᠭ ᠤᠨ ᠭᠠᠵᠠᠷ ᠤᠨ ᠲᠥᠯᠦᠭᠡᠯᠡᠯ᠂ ᠶᠡᠷᠦᠩᠬᠡᠶᠢᠯᠡᠭᠴᠢ ᠶᠢᠨ ᠪᠠᠶᠢᠭᠠᠯᠢ ᠣᠷᠴᠢᠨ᠂ ᠨᠣᠭᠤᠭᠠᠨ ᠬᠥᠭᠵᠢᠯ ᠤᠨ ᠪᠣᠳᠣᠯᠭ᠎ᠠ ᠶᠢᠨ ᠵᠥᠪᠯᠡᠬᠦ ᠨ᠊ · ᠪᠠᠲᠤᠬᠦᠦ᠂ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ ᠪᠤᠯᠦᠠ ᠢᠷᠭᠡᠨ ᠤ ᠨᠡᠶᠢᠭᠡᠮ ᠤᠨ ᠲᠥᠯᠥᠭᠡᠯᠡᠯ ᠤᠳ ᠣᠷᠣᠯᠴᠠᠵᠤ ᠪᠠᠶᠢᠨ᠎ᠡ᠃
ᠡᠨᠡ ᠤᠳᠠᠭ᠎ᠠ ᠶᠢᠨ ᠲᠠᠯ᠎ᠠ ᠤᠳ ᠤᠨ ᠪᠠᠭ᠎ᠠ ᠬᠤᠷᠠᠯ ᠳᠤ 180 ᠭᠠᠷᠦᠢ ᠣᠷᠣᠨ ᠤ ᠪᠠᠶᠢᠭᠠᠯᠢ ᠣᠷᠴᠢᠨ ᠤ ᠠᠰᠠᠭᠤᠳᠠᠯ ᠬᠠᠷᠢᠭᠤᠴᠠᠭᠰᠠᠨ ᠰᠠᠶᠢᠳ᠂ ᠳᠡᠳ᠋ ᠰᠠᠶᠢᠳ ᠪᠤᠯᠦᠠ ᠡᠯᠴᠢᠨ ᠰᠠᠶᠢᠳ ᠨᠠᠷ ᠭᠡᠳ 18 ᠮᠢᠩᠭᠠᠨ ᠲᠥᠯᠦᠭᠡᠯᠡᠭᠴᠢ ᠣᠷᠣᠯᠴᠠᠵᠤ ᠪᠠᠶᠢᠭ᠎ᠠ ᠶᠠᠭᠤᠮ᠎ᠠ᠃
ᠪᠠᠭ᠎ᠠ ᠬᠤᠷᠠᠯ ᠤᠨ ᠬᠦᠷᠢᠶᠡᠨ ᠳᠤ︽ᠨᠢᠭᠡ ᠡᠷᠡᠭᠦᠯ ᠮᠡᠨᠳᠦ︾ᠣᠯᠠᠨ ᠲᠠᠯᠠᠲᠤ ᠡᠪᠰᠡᠯ ᠤᠨ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ︵WHO︶᠂ ᠳᠡᠯᠡᠬᠡᠢ ᠶᠢᠨ ᠮᠠᠯ ᠠᠮᠢᠲᠠᠨ ᠤ ᠡᠷᠡᠭᠦᠯ ᠮᠡᠨᠳᠦ ᠶᠢᠨ ᠪᠠᠶᠢᠭᠤᠯᠤᠯᠭ᠎ᠠ︵ WOAH︶᠂ ᠳᠡᠯᠡᠬᠡᠢ ᠶᠢᠨ ᠬᠦᠨᠡᠰᠦ ᠬᠥᠳᠡᠭᠡ ᠠᠵᠤ ᠠᠬᠤᠢ ᠶᠢᠨ ᠪᠠᠶᠢᠭᠤᠯᠤᠯᠭ᠎ᠠ︵FAO︶ ᠪᠤᠯᠦᠠ ᠪᠠᠶᠢᠭᠠᠯᠢ ᠣᠷᠴᠢᠨ ᠤ ᠬᠥᠲᠥᠯᠪᠦᠷᠢ︵ UNEP︶ ᠪᠠᠶᠢᠭᠤᠯᠤᠯᠭ᠎ᠠ ᠨᠤᠭᠤᠳ ᠤᠨ ᠣᠯᠠᠨ ᠲᠠᠯᠠᠲᠤ ᠬᠠᠮᠲᠤ ᠶᠢᠨ ᠠᠵᠢᠯᠯᠠᠭ᠎ᠠ ᠶᠢ ᠳᠡᠮᠵᠢᠨ ᠂ ᠬᠤᠯᠪᠣᠭᠠᠨ ᠤ ᠪᠦᠭᠦᠳᠡ ᠨᠠᠶᠢᠷᠠᠮᠳᠠᠬᠤ ᠭᠧᠷᠮᠠᠨ ᠤᠯᠤᠰ ᠤᠨ ᠪᠠᠶᠢᠭᠠᠯᠢ ᠣᠷᠴᠢᠨ᠂ ᠪᠠᠶᠢᠭᠠᠯᠢ ᠬᠠᠮᠠᠭᠠᠯᠠᠯ᠂ ᠴᠥᠮ᠎ᠡ ᠶᠢᠨ ᠠᠶᠤᠯᠭᠦᠢ ᠪᠠᠶᠢᠳᠠᠯ᠂ ᠬᠡᠷᠡᠭᠯᠡᠭᠴᠢ ᠶᠢᠨ ᠡᠷᠬᠡ ᠶᠢ ᠬᠠᠮᠡᠭᠠᠯᠡᠬᠤ ᠶᠠᠮᠤᠨ︵BMUV︶ᠰᠠᠨᠠᠭᠠᠴᠢᠯᠠᠭᠰᠠᠨ︽ᠡᠷᠡᠭᠦᠯ ᠮᠡᠨᠳᠦ ᠳᠤ ᠲᠤᠯᠭᠠᠭᠤᠷᠢᠯᠠᠭᠰᠠᠨ ᠪᠠᠶᠢᠭᠠᠯᠢ ᠣᠷᠴᠢᠨ︾︵N 4 H︶ᠰᠠᠨᠠᠭᠠᠴᠢᠯᠠᠭ᠎ᠠ ᠶᠢ ᠲᠡᠨᠢᠯᠴᠡᠭᠤᠯᠬᠤ ᠬᠤᠷᠠᠯ ᠳᠤ ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠪᠠᠶᠢᠭᠠᠯᠢ ᠣᠷᠴᠢᠨ᠂ ᠨᠣᠭᠤᠭᠠᠨ ᠬᠥᠭᠵᠢᠯ ᠤᠨ ᠵᠥᠪᠯᠡᠬᠦ ᠨ᠊ · ᠪᠠᠲᠤᠬᠦᠦ ᠣᠷᠣᠯᠴᠠᠯ᠎ᠠ᠃
ᠬᠤᠷᠠᠯ ᠢᠶᠠᠷ ᠪᠠᠶᠢᠭᠠᠯᠢ ᠣᠷᠴᠢᠨ ᠤ ᠠᠰᠠᠭᠤᠳᠠᠯ ᠢ ᠪᠠᠬᠢᠵᠢᠭᠦᠯᠬᠦ ᠵᠠᠮ ᠢᠶᠠᠷ ᠬᠠᠯᠳᠠᠪᠤᠷᠢᠲᠤ ᠡᠪᠡᠳᠴᠢᠨ ᠠᠴᠠ ᠤᠷᠢᠳᠴᠢᠯᠠᠨ ᠰᠡᠷᠭᠡᠶᠢᠯᠡᠬᠦ︽ᠡᠷᠡᠭᠦᠯ ᠮᠡᠨᠳᠦ ᠳᠤ ᠲᠤᠯᠭᠠᠭᠤᠷᠢᠯᠠᠭᠰᠠᠨ ᠪᠠᠶᠢᠭᠠᠯᠢ ᠣᠷᠴᠢᠨ︾︵N 4 H︶ᠬᠠᠮᠲᠤ ᠶᠢᠨ ᠠᠵᠢᠯᠯᠠᠭᠠᠨ ᠤ ᠬᠦᠷᠢᠶᠡᠨ ᠳᠤ ᠮᠣᠩᠭᠤᠯ᠂ ᠸᠢᠶᠧᠲᠨᠠᠮ᠂ ᠡᠺᠸᠠᠲ᠋ᠤᠷ᠂ ᠭᠠᠨᠠ᠂ ᠷᠦᠸᠠᠨᠳᠠ᠂ ᠽᠠᠮᠪᠢᠶ᠎ᠠ ᠤᠯᠤᠰ ᠣᠷᠤᠯᠴᠠᠭᠴᠢ ᠣᠷᠣᠨ ᠢᠶᠠᠷ ᠰᠣᠩᠭᠤᠭᠳᠠᠭᠰᠠᠨ ᠢ ᠣᠯᠠᠨ ᠤᠯᠤᠰ ᠲᠤ ᠵᠠᠷᠯᠠᠪᠠ᠃