ᠡᠨᠡ ᠣᠨ ᠤ ᠵᠢᠯ ᠤᠨ ᠡᠴᠦᠰ ᠤᠨ ᠮᠠᠯ᠂ ᠲᠡᠵᠢᠭᠡᠪᠦᠷᠢ ᠠᠮᠢᠲᠠᠳ ᠤᠨ ᠲᠣᠭᠠᠯᠠᠯᠭ᠎ᠠ ᠣᠷᠣᠨ ᠳᠠᠶᠠᠭᠠᠷ ᠥᠷᠨᠢᠵᠦ ᠲᠤᠭ᠎ᠠ ᠶᠢ ᠨᠢᠭᠡᠳᠬᠡᠬᠦ ᠠᠵᠢᠯ ᠦᠷᠭᠦᠯᠵᠢᠯᠡᠵᠦ ᠪᠠᠶᠢᠨ᠎ᠡ᠃ ᠳᠣᠷᠤᠨᠠᠭᠤᠪᠢ ᠠᠶᠢᠮᠠᠭ ᠤᠨ ᠮᠠᠯ ᠲᠣᠭᠠᠯᠠᠯᠭ᠎ᠠ ᠶᠢᠨ ᠨᠢᠭᠡᠳᠦᠭᠰᠡᠨ ᠳ᠋ᠦᠩ ᠬᠠᠷᠠᠬᠠᠨ ᠭᠠᠷᠤᠭ᠎ᠠ ᠦᠭᠡᠢ ᠪᠤᠯᠪᠠᠴᠤ ᠰᠤᠮᠤᠳ ᠤᠨ ᠮᠠᠯ ᠤᠨ ᠲᠤᠭ᠎ᠠ ᠡᠬᠢᠨ ᠠᠴᠠ ᠪᠠᠨ ᠭᠠᠷᠴᠠᠢ᠃
ᠲᠤᠬᠠᠶᠢᠯᠠᠪᠠᠯ ᠰᠠᠶᠢᠬᠠᠨᠳᠤᠯᠠᠭᠠᠨ ᠰᠤᠮᠤ ᠡᠨᠡ ᠵᠢᠯ 213751 ᠮᠠᠯ ᠲᠠᠢ ᠪᠣᠯᠣᠭᠰᠠᠨ ᠪᠥᠭᠡᠳ ᠡᠭᠦᠨ ᠠᠴᠠ ᠲᠡᠮᠡᠭᠡ 5386᠂ ᠠᠳᠤᠭᠤ 14160᠂ ᠦᠬᠡᠷ 10392᠂ ᠬᠤᠨᠢ 88737᠂ ᠢᠮᠠᠭ᠎ᠠ 95076 ᠲᠣᠭᠠᠯᠠᠭᠤᠯᠤᠭᠰᠠᠨ ᠪᠠᠶᠢᠨ᠎ᠡ᠃ ᠳᠡᠭᠡᠷᠡᠬᠢ ᠲᠤᠭ᠎ᠠ ᠶᠢ ᠡᠮᠦᠨᠡᠬᠢ ᠣᠨ ᠤ ᠬᠢ ᠲᠠᠢ ᠬᠠᠷᠢᠴᠠᠭᠤᠯᠬᠤ ᠳᠤ 11340 ᠲᠣᠯᠤᠭᠠᠢ ᠮᠠᠯ ᠢᠶᠠᠷ ᠪᠤᠶᠤ 5.6 ᠬᠤᠪᠢ ᠪᠠᠷ ᠥᠰᠴᠡᠢ᠃