ᠮᠣᠩᠭᠤᠯ ᠦᠨᠳᠦᠰᠦᠲᠡᠨ ᠤ ᠦᠨᠡᠨ ᠲᠡᠦᠬᠡ ᠶᠢ ᠥᠪᠯᠡᠭᠦᠯᠤᠨ ᠦᠯᠡᠳᠡᠭᠡᠬᠦ  ᠳᠤ ᠠᠴᠢ ᠬᠤᠯᠪᠣᠭᠳᠠᠯ ᠲᠠᠢ | News.MN

ᠮᠣᠩᠭᠤᠯ ᠦᠨᠳᠦᠰᠦᠲᠡᠨ ᠤ ᠦᠨᠡᠨ ᠲᠡᠦᠬᠡ ᠶᠢ ᠥᠪᠯᠡᠭᠦᠯᠤᠨ ᠦᠯᠡᠳᠡᠭᠡᠬᠦ  ᠳᠤ ᠠᠴᠢ ᠬᠤᠯᠪᠣᠭᠳᠠᠯ ᠲᠠᠢ

ᠦᠨᠳᠦᠰᠦᠨ ᠤ ᠡᠷᠭᠡ ᠴᠢᠯᠦᠭᠡ᠂ ᠲᠤᠰᠠᠭᠠᠷ ᠲᠣᠭᠲᠠᠨᠢᠯ ᠤᠨ 111 ᠵᠢᠯ ᠤᠨ ᠣᠶ ᠡᠨᠡ ᠰᠠᠷ᠎ᠠ ᠶᠢᠨ 29 ᠳᠤ ᠲᠣᠬᠢᠶᠠᠨ᠎ᠠ᠃ ᠡᠯ᠎ᠡ ᠡᠳᠦᠷ ᠲᠤ ᠵᠣᠷᠢᠭᠤᠯᠤᠨ ᠪᠤᠬᠳᠠ ᠬᠠᠭᠠᠨ ᠤ ᠣᠷᠳᠣᠨ ᠮᠦᠽᠧᠢ ︽ᠪᠤᠬᠳᠠ ᠵᠢᠪᠽᠦᠨᠳᠠᠮᠪᠠ ᠶᠢᠨ ᠰᠤᠳᠤᠯᠤᠯ ᠳᠤ︾ ᠡᠷᠳᠡᠮ ᠰᠢᠨᠵᠢᠯᠡᠭᠡᠨ ᠤ ᠬᠤᠷᠠᠯ ᠵᠣᠬᠢᠶᠠᠨ ᠪᠠᠶᠢᠭᠤᠯᠤᠯ᠎ᠠ᠃
ᠲᠥᠷᠦ ᠶᠢᠨ ᠰᠣᠶᠣᠷᠬᠠᠯᠲᠤ᠂ ᠲᠡᠦᠬᠡ ᠶᠢᠨ ᠰᠢᠨᠵᠢᠯᠡᠬᠦ ᠤᠬᠠᠭᠠᠨ ᠤ ᠳ᠋ᠣᠺᠲ᠋ᠣᠷ ᠣ᠊ · ᠪᠠᠲᠤᠰᠠᠶᠢᠬᠠᠨ᠄  ᠲᠡᠦᠬᠡ ᠪᠣᠯ ᠲᠤᠰᠠᠭᠠᠷ ᠲᠣᠭᠲᠠᠨᠢᠯ ᠤᠨ ᠪᠡᠳᠦᠯᠠᠭ᠎ᠠ᠂ ᠨᠤᠲᠠᠯᠠᠭ᠎ᠠ᠃ ᠡᠨᠡ ᠭᠠᠵᠠᠷ ᠨᠤᠳᠤᠬ᠂ ᠤᠯᠤᠰ ᠲᠥᠷᠦ ᠶᠢᠨ ᠤᠯᠠᠮᠵᠢᠯᠠᠯ ᠮᠣᠩᠭᠤᠯᠴᠤᠳ ᠤᠨ ᠬᠢ ᠭᠡᠳᠡᠭ ᠢ ᠨᠤᠲᠠᠯᠠᠵᠤ ᠪᠠᠶᠢᠳᠠᠭ᠃ ᠡᠭᠦᠨ ᠢ ᠮᠣᠩᠭᠤᠯ ᠦᠨᠳᠦᠰᠦᠲᠡᠨ ᠤ ᠡᠷᠭᠡ ᠠᠰᠢᠭ ᠲᠤ ᠨᠡᠶᠢᠴᠡᠭᠰᠡᠨ ᠪᠠᠶᠢᠳᠠᠯ ᠢᠶᠠᠷ ᠰᠤᠳᠤᠯᠵᠤ᠂ ᠦᠨᠡᠨ ᠪᠣᠳᠠᠲᠤ ᠪᠠᠷ ᠪᠢᠴᠢᠬᠦ ᠬᠡᠷᠡᠭᠲᠠᠢ᠃ ᠥᠷᠭᠡᠨ ᠣᠯᠠᠨ ᠲᠦᠮᠡᠨ ᠳᠤ ᠮᠣᠩᠭᠣᠯ ᠤᠨ ᠲᠡᠦᠬᠡ ᠶᠢ ᠦᠴᠦᠭᠡᠠ ᠪᠠᠭ᠎ᠠ ᠠᠴᠠ ᠡᠬᠢᠯᠡᠭᠡᠳ ᠲᠣᠮᠤ ᠪᠣᠯᠲᠠᠯ᠎ᠠ ᠨᠢ ᠮᠡᠳᠡᠭᠦᠯᠬᠦ᠂ ᠲᠠᠨᠢᠭᠤᠯᠬᠤ ᠨᠢ ᠣᠨᠴᠠ ᠴᠢᠬᠤᠯᠠ ᠶᠤᠮ᠃ 12 ᠳ᠋ᠤᠭᠠᠷ ᠰᠠᠷ᠎ᠠ ᠶᠢᠨ 29 ᠪᠣᠯ ᠮᠣᠩᠭᠤᠯᠴᠤᠳ ᠤᠨ ᠦᠨᠳᠦᠰᠦᠨ ᠤ ᠪᠠᠶᠠᠷ ᠤᠨ ᠡᠳᠦᠷ᠃ ᠬᠠᠭᠤᠴᠢᠨ ᠢᠶᠠᠷ ᠬᠠᠯᠬ᠎ᠠ ᠳᠥᠷᠪᠡ᠂ ᠬᠤᠪᠳᠣ ᠶᠢᠨ ᠬᠢᠵᠠᠭᠠᠷ ᠨᠤᠳᠤᠬ ᠪᠤᠶᠤ 1.5 ᠰᠠᠶ᠎ᠠ ᠬᠠᠪᠲᠠᠭᠠᠶ ᠳᠥᠷᠪᠡᠯᠵᠢᠨ ᠺᠢᠯᠣᠮᠧᠲᠷ ᠨᠤᠳᠤᠬ ᠭᠠᠵᠠᠷ ᠤᠨ ᠳᠡᠭᠡᠷᠡᠬᠢ᠂ ᠳᠣᠣᠷᠠᠬᠢ ᠪᠠᠶᠠᠯᠢᠭ ᠲᠠᠢ ᠪᠠᠨ᠂ ᠲᠥᠷᠦ ᠶᠢᠨ ᠤᠯᠠᠮᠵᠢᠯᠠᠯ ᠲᠠᠢ ᠪᠠᠨ ᠮᠣᠩᠭᠤᠯᠴᠤᠳ ᠤᠨ ᠬᠢ ᠮᠦᠠ ᠭᠡᠳᠡᠭ ᠢ ᠲᠡᠦᠬᠡ ᠨᠣᠲᠠᠯᠠᠳᠠᠭ᠃ ᠲᠤᠰᠠᠭᠠᠷ ᠲᠣᠭᠲᠠᠨᠢᠯ ᠭᠡᠳᠡᠭ ᠪᠢᠳᠡᠨ ᠤ ᠣᠷᠣᠰᠢᠨ ᠲᠣᠭᠲᠠᠨᠢᠬᠤ ᠶᠢᠨ ᠬᠠᠮᠤᠬ ᠤᠨ ᠭᠤᠣᠯ ᠤᠳᠬ᠎ᠠ ᠤᠴᠢᠷ ᠶᠤᠮ᠃ ᠲᠡᠶᠢᠮᠦ ᠠᠴᠠ ᠡᠨᠡ ᠡᠳᠦᠷ ᠮᠣᠩᠭᠤᠯᠴᠤᠳ ᠮᠣᠩᠭᠤᠯ  ᠳᠡᠪᠡᠯ ᠬᠤᠪᠴᠠᠰᠤ ᠪᠠᠨ ᠡᠮᠦᠰᠴᠦ᠂ ᠮᠣᠩᠭᠤᠯ ᠢᠶᠠᠷ ᠢᠶᠠᠨ ᠶᠠᠷᠢᠵᠤ᠂ ᠮᠣᠩᠭᠤᠯ ᠬᠤᠭᠤᠯᠠ ᠢᠳᠡᠵᠦ᠂ ᠡᠪᠦᠭᠡ ᠳᠡᠭᠡᠳᠦᠰ ᠠᠴᠠ ᠤᠯᠠᠮᠵᠢᠯᠠᠨ ᠢᠷᠡᠭᠰᠡᠨ ᠵᠦᠢᠯ ᠢᠶᠠᠨ ᠦᠷ᠎ᠡ ᠬᠡᠦᠬᠡᠳ ᠲᠤ ᠪᠠᠨ ᠥᠪᠯᠡᠭᠦᠯᠬᠦ ᠤᠴᠢᠷ ᠲᠠᠢ᠃
ᠲᠡᠦᠬᠡ ᠶᠢᠨ ᠤᠬᠠᠭᠠᠨ ᠤ ᠳ᠋ᠣᠺᠲ᠋ᠣᠷ ᠬ᠊ · ᠮᠥᠩᠬᠡᠪᠠᠶᠠᠷ᠄ ᠦᠨᠳᠦᠰᠦᠨ ᠤ ᠡᠷᠭᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠭᠰᠡᠨ ᠤ ᠡᠳᠦᠷ ᠪᠣᠯ 3.5  ᠰᠠᠶ᠎ᠠ ᠬᠥᠮᠥᠨ ᠠᠴᠠ ᠭᠠᠳᠡᠨ᠎ᠡ ᠪᠤᠰᠤᠳ ᠮᠣᠩᠭᠤᠯ ᠦᠨᠳᠦᠰᠦᠲᠡᠨ ᠤ ᠬᠤᠪᠢ ᠳᠤ ᠬᠠᠮᠢᠶᠠᠷᠤᠯ ᠲᠠᠢ᠃ ᠪᠢᠳᠡ ᠮᠣᠩᠭᠤᠯ ᠦᠨᠳᠦᠰᠦᠲᠡᠨ ᠤ ᠨᠠᠶᠢᠳᠠᠯᠭ᠎ᠠ᠂ ᠢᠲᠡᠭᠡᠯ ᠦᠨᠡᠮᠰᠢᠯ᠂ ᠪᠠᠭ᠋ᠠᠷᠬᠠᠯ ᠨᠢ᠃ ᠪᠢᠳᠡ ᠪᠠᠶᠢᠭ᠎ᠠ ᠤᠴᠢᠷ ᠪᠤᠰᠤᠳ ᠮᠣᠩᠭᠤᠯ ᠦᠨᠳᠦᠰᠦᠲᠡᠨ ᠶᠡᠮᠡᠷ ᠨᠢᠭᠡ ᠪᠡᠶ᠎ᠠ ᠳᠠᠭᠠᠭᠠᠭᠰᠠᠨ ᠪᠠᠶᠢᠳᠠᠯ ᠢᠶᠠᠷ ᠣᠨᠴᠠᠯᠢᠭ ᠢᠶᠠᠨ ᠠᠪᠴᠤ ᠦᠯᠡᠳᠡᠭᠰᠡᠨ᠃ ᠲᠤᠰᠠᠭᠠᠷ ᠲᠣᠭᠲᠠᠨᠢᠯ ᠤᠨ ᠨᠢᠭᠡᠨ ᠢᠯᠡᠷᠬᠡᠶᠢᠯᠡᠯ ᠨᠢ ᠲᠤᠰᠠᠭᠠᠷ ᠲᠣᠭᠲᠠᠨᠢᠯ ᠤᠨ ᠪᠡᠶᠡᠷ ᠶᠤᠮ᠃ ᠮᠣᠩᠭᠣᠯ ᠤᠨ ᠲᠤᠰᠠᠭᠠᠷ ᠲᠣᠭᠲᠠᠨᠢᠯ ᠤᠨ ᠪᠡᠶᠡᠷ ᠨᠢ ᠪᠤᠬᠳᠠ ᠬᠠᠭᠠᠨ ᠰᠠᠭᠤᠷᠢᠨ ᠳᠤ ᠵᠠᠯᠠᠷᠠᠭᠰᠠᠨ ᠤ ᠪᠡᠶᠡᠷ ᠪᠤᠯᠦᠠ ᠤᠯᠤᠰ ᠤᠨ ᠪᠠᠶᠠᠷ ᠢᠶᠠᠷ ᠤᠯᠠᠮᠵᠢᠯᠠᠭᠳᠠᠭᠰᠠᠭᠠᠷ ᠦᠨᠳᠦᠰᠦᠨ ᠤ ᠶᠡᠭᠡ ᠪᠡᠶᠡᠷ ᠨᠠᠭᠠᠳᠤᠮ ᠪᠤᠯᠦᠠ ᠬᠡᠯᠪᠡᠷᠢᠰᠢᠨ ᠲᠣᠭᠲᠠᠭᠰᠠᠨ᠃ ᠮᠣᠩᠭᠣᠯ ᠤᠨ ᠲᠤᠰᠠᠭᠠᠷ ᠲᠣᠭᠲᠠᠨᠢᠯ ᠤᠨ ᠪᠡᠶᠡᠷ ᠲᠥᠯᠥᠪᠰᠢᠬᠦ ᠳᠤ ᠪᠤᠬᠳᠠ ᠬᠠᠭᠠᠨ ᠴᠢᠬᠤᠯᠠ ᠡᠭᠦᠷᠭᠡ ᠭᠦᠢᠴᠡᠳᠬᠡᠭᠰᠡᠨ᠃

ᠰᠡᠳᠬᠢᠭᠳᠡᠯ ᠦᠯᠡᠳᠡᠭᠡᠬᠦ