ᠡᠯᠴᠢᠨ ᠰᠠᠶᠢᠳ ᠯ᠊ · ᠰᠠᠶᠠᠨᠠ  ᠢᠳᠡᠭᠡᠮᠵᠢᠯᠡᠬᠦ ᠵᠢᠭᠤᠬᠤ ᠪᠢᠴᠢᠭ ᠢᠶᠠᠨ ᠡᠷᠭᠦᠨ ᠪᠠᠷᠢᠯ᠎ᠠ | News.MN

 ᠡᠯᠴᠢᠨ ᠰᠠᠶᠢᠳ ᠯ᠊ · ᠰᠠᠶᠠᠨᠠ  ᠢᠳᠡᠭᠡᠮᠵᠢᠯᠡᠬᠦ ᠵᠢᠭᠤᠬᠤ ᠪᠢᠴᠢᠭ ᠢᠶᠠᠨ ᠡᠷᠭᠦᠨ ᠪᠠᠷᠢᠯ᠎ᠠ

ᠮᠣᠩᠭᠤᠯ ᠤᠯᠤᠰ ᠠᠴᠠ ᠪᠦᠬᠦᠳᠠ ᠨᠠᠶᠢᠷᠠᠮᠳᠠᠬᠤ ᠮᠤᠯᠳᠤᠸᠠ ᠤᠯᠤᠰ ᠲᠤ ᠰᠠᠭᠤᠬᠤ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ  ᠯᠾᠬᠠᠪᠠᠰᠦ᠋ᠷᠤᠩ ᠤᠨ ᠰᠠᠶᠠᠨᠠ ᠪᠦᠬᠦᠳᠠ ᠨᠠᠶᠢᠷᠠᠮᠳᠠᠬᠤ ᠮᠤᠯᠳᠤᠸᠠ ᠤᠯᠤᠰ ᠤᠨ ᠶᠡᠷᠦᠩᠬᠡᠶᠢᠯᠡᠭᠴᠢ ᠮ᠊ ∙ ᠰᠠᠨᠳᠤ   ᠳᠤ ᠊ 2022 ᠣᠨ ᠤ ᠠᠷᠪᠠᠨ ᠬᠤᠶᠠᠳᠤᠭᠠᠷ ᠰᠠᠷ᠎ᠠ ᠶᠢᠨ 15 ᠤ ᠡᠳᠦᠷ  ᠢᠳᠡᠭᠡᠮᠵᠢᠯᠡᠬᠦ ᠵᠢᠭᠤᠬᠤ ᠪᠢᠴᠢᠭ ᠢᠶᠠᠨ ᠡᠷᠭᠦᠨ ᠪᠠᠷᠢᠪᠠ᠃
ᠡᠯᠴᠢᠨ ᠰᠠᠶᠢᠳ ᠯ᠊ ·ᠰᠠᠶᠠᠨᠠ ᠮᠣᠩᠭᠤᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠢᠨ ᠮᠡᠨᠳᠦᠴᠢᠯᠡᠭᠡ ᠶᠢ ᠶᠡᠷᠦᠩᠬᠡᠶᠢᠯᠡᠭᠴᠢ ᠮ᠊ ∙ ᠰᠠᠨᠳᠤ   ᠳᠤ  ᠤᠯᠠᠮᠵᠢᠯᠠᠵᠤ᠂ ᠬᠤᠶᠠᠷ ᠣᠷᠣᠨ ᠤ ᠬᠤᠭᠤᠷᠦᠡᠳᠦ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠨ 30 ᠵᠢᠯ ᠤᠨ ᠣᠶ ᠡᠨᠡ ᠣᠨ ᠳᠤ ᠲᠣᠬᠢᠶᠠᠵᠤ ᠪᠤᠢ ᠶᠢ ᠣᠨᠴᠠᠯᠠᠨ᠂ ᠮᠣᠩᠭᠤᠯ᠂ ᠮᠤᠯᠳᠤᠸᠠ  ᠶᠢᠨ ᠨᠠᠶᠢᠷᠰᠠᠭ ᠬᠠᠷᠢᠯᠴᠠᠭ᠎ᠠ ᠶᠢ ᠴᠢᠨᠠᠭᠰᠢᠳᠠ ᠤᠯᠠᠮ ᠪᠠᠬᠢᠵᠢᠭᠦᠯᠵᠦ᠂ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ  ᠪᠦᠬᠦᠢᠯᠡ ᠰᠠᠯᠪᠤᠷᠢ ᠳᠤ ᠥᠷᠭᠡᠵᠢᠭᠦᠯᠦᠨ ᠬᠥᠭᠵᠢᠭᠦᠯᠬᠦ ᠶᠢᠨ ᠲᠥᠯᠥᠭᠡ ᠬᠦᠴᠦᠨ ᠴᠢᠷᠮᠠᠶᠢᠯᠲᠠ ᠭᠠᠷᠭᠠᠨ ᠠᠵᠢᠯᠯᠠᠬᠤ ᠪᠠᠨ ᠢᠯᠡᠷᠬᠡᠶᠢᠯᠡᠪᠡ᠃
ᠪᠦᠬᠦᠳᠠ ᠨᠠᠶᠢᠷᠠᠮᠳᠠᠬᠤ ᠮᠤᠯᠳᠤᠸᠠ ᠤᠯᠤᠰ ᠤᠨ ᠶᠡᠷᠦᠩᠬᠡᠶᠢᠯᠡᠭᠴᠢ ᠮ᠊ ∙ ᠰᠠᠨᠳᠤ ᠬᠤᠶᠠᠷ ᠲᠠᠯ᠎ᠠ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠠᠷᠠᠳ ᠲᠦᠮᠡᠨ ᠤ ᠰᠠᠶᠢᠨ ᠰᠠᠶᠢᠬᠠᠨ ᠤ ᠲᠥᠯᠥᠭᠡ᠂ ᠬᠠᠷᠢᠯᠴᠠᠨ ᠠᠰᠢᠭ ᠲᠠᠢ᠂ ᠰᠣᠨᠢᠷᠬᠠᠯ  ᠪᠦᠬᠦᠢ ᠲᠣᠳᠤᠷᠬᠠᠶ ᠰᠠᠯᠪᠤᠷᠢ ᠨᠤᠭᠤᠳ ᠲᠤ ᠥᠷᠭᠡᠵᠢᠭᠦᠯᠦᠨ ᠬᠥᠭᠵᠢᠭᠦᠯᠬᠦ ᠪᠣᠯᠣᠮᠵᠢ ᠪᠦᠷᠢᠠ ᠪᠠᠶᠢᠭ᠎ᠠ ᠶᠢ ᠲᠡᠮᠳᠡᠭᠯᠡᠭᠡᠳ᠂ ᠡᠯᠴᠢᠨ ᠰᠠᠶᠢᠳ ᠯ᠊ · ᠰᠠᠶᠠᠨᠠ ᠳᠤ ᠪᠡᠶᠡᠷ ᠬᠦᠷᠭᠡᠵᠦ᠂ ᠠᠵᠢᠯ ᠤᠨ ᠦᠡᠳᠦᠷ  ᠠᠮᠵᠢᠯᠲᠠ  ᠬᠦᠰᠡᠪᠡ᠃

ᠰᠡᠳᠬᠢᠭᠳᠡᠯ ᠦᠯᠡᠳᠡᠭᠡᠬᠦ