︽ᠪᠦᠭᠦᠳᠡ ᠨᠠᠶᠢᠷᠠᠮᠳᠠᠬᠤ ᠮᠣᠩᠭᠤᠯ ᠠᠷᠠᠳ ᠤᠯᠤᠰ  ᠤᠨ ᠨᠡᠶᠢᠭᠡᠮ᠂ ᠡᠳ᠋ ᠤᠨ ᠵᠠᠰᠠᠭ ᠤᠨ ᠣᠯᠣᠯᠲᠠ᠄ ᠲᠤᠷᠰᠢᠯᠭ᠎ᠠ᠂ ᠰᠤᠷᠭᠠᠮᠵᠢ︾ ᠨᠣᠮ ᠤᠨ ᠨᠡᠭᠡᠭᠡᠯᠳᠡ ᠪᠣᠯᠣᠯ᠎ᠠ | News.MN

︽ᠪᠦᠭᠦᠳᠡ ᠨᠠᠶᠢᠷᠠᠮᠳᠠᠬᠤ ᠮᠣᠩᠭᠤᠯ ᠠᠷᠠᠳ ᠤᠯᠤᠰ  ᠤᠨ ᠨᠡᠶᠢᠭᠡᠮ᠂ ᠡᠳ᠋ ᠤᠨ ᠵᠠᠰᠠᠭ ᠤᠨ ᠣᠯᠣᠯᠲᠠ᠄ ᠲᠤᠷᠰᠢᠯᠭ᠎ᠠ᠂ ᠰᠤᠷᠭᠠᠮᠵᠢ︾ ᠨᠣᠮ ᠤᠨ ᠨᠡᠭᠡᠭᠡᠯᠳᠡ ᠪᠣᠯᠣᠯ᠎ᠠ

ᠰᠢᠨᠵᠢᠯᠡᠬᠦ ᠤᠬᠠᠭᠠᠨ ᠤ ᠠᠻᠠᠳᠧᠮᠢ  ᠶᠢᠨ ᠲᠡᠦᠬᠡ ᠤᠭᠰᠠᠭᠠᠲᠠᠨ ᠤ ᠵᠦᠢ ᠶᠢᠨ ᠬᠦᠷᠢᠶᠡᠯᠡᠩ ᠠᠴᠠ 1954 ᠣᠨ ᠠᠴᠠ 1980  ‍ᠭᠠᠳ ᠣᠨ ᠤ ᠰᠡᠭᠦᠯᠴᠢ ᠦᠶ᠎ᠡ ᠶᠢᠨ ︽ᠪᠦᠭᠦᠳᠡ ᠨᠠᠶᠢᠷᠠᠮᠳᠠᠬᠤ ᠮᠣᠩᠭᠤᠯ ᠠᠷᠠᠳ  ᠤᠯᠤᠰ ᠤᠨ ᠨᠡᠶᠢᠭᠡᠮ᠂ ᠡᠳ᠋ ᠤᠨ ᠵᠠᠰᠠᠭ ᠤᠨ ᠣᠯᠣᠯᠲᠠ᠄ ᠲᠤᠷᠰᠢᠯᠭ᠎ᠠ᠂ ᠰᠤᠷᠭᠠᠮᠵᠢ︾ ᠰᠡᠳᠦᠪᠲᠤ ᠰᠠᠭᠤᠷᠢ ᠰᠤᠳᠤᠯᠭᠠᠨ ᠤ ᠲᠥᠰᠥᠯ ᠢ ᠭᠤᠷᠪᠠᠨ ᠵᠢᠯ ᠤᠨ ᠬᠤᠭᠤᠴᠠᠭᠠᠨ ᠳᠤ ᠬᠡᠷᠡᠭᠵᠢᠭᠦᠯᠵᠡᠢ᠃ ᠥᠴᠥᠭᠡᠳᠦᠷ  ᠲᠤᠰ ᠰᠤᠳᠤᠯᠭᠠᠨ ᠤ ᠠᠵᠢᠯ ᠤᠨ ᠦᠷ᠎ᠡ ᠳ᠋ᠦᠩ ᠢ ᠨᠢᠭᠡᠳᠬᠡᠨ ᠭᠠᠷᠭᠠᠭᠰᠠᠨ ᠨᠣᠮ ᠤᠨ ᠨᠡᠭᠡᠭᠡᠯᠳᠡ  ᠪᠣᠯᠪᠠ᠃ ᠮᠦᠠ  ᠲᠤᠰ ᠰᠡᠳᠦᠪ ᠤᠨ ᠬᠦᠷᠢᠶᠡᠨ ᠳᠤ ᠵᠢᠷᠭᠤᠭᠠᠨ ᠨᠣᠮ᠂ ᠪᠦᠲᠦᠭᠡᠯ ᠢ ᠲᠤᠭᠤᠷᠪᠢᠭᠰᠠᠨ ᠪᠠᠶᠢᠨ᠎ᠡ᠃
ᠦᠡᠭᠭᠡᠷᠡᠭᠰᠡᠠ ᠦᠶ᠎ᠡ ᠶᠢᠨ ᠲᠡᠦᠬᠡ ᠶᠢ ᠵᠥᠪ ᠤᠢᠯᠠᠭᠠᠬᠤ ᠨᠡᠶᠢᠭᠡᠮ ᠤᠨ ᠬᠡᠷᠡᠭᠴᠡᠭᠡ᠂ ᠨᠥᠭᠦᠭᠡ ᠲᠠᠯ᠎ᠠ ᠪᠠᠷ ᠮᠠᠨ ᠤ ᠤᠯᠤᠰ ᠤᠨ ᠲᠡᠦᠬᠡ ᠰᠤᠳᠤᠯᠤᠯ ᠤᠨ ᠥᠨᠦ ᠶᠢᠨ ᠲᠦᠪᠰᠢᠨ ᠳᠤ ᠲᠤᠯᠭᠠᠮᠳᠠᠭᠰᠠᠨ ᠠᠰᠠᠭᠤᠳᠠᠯ ᠪᠤᠯᠦᠠ ᠴᠢᠨᠠᠭᠰᠢᠳᠠ ᠶᠢᠨ ᠴᠢᠭ ᠬᠠᠨᠳᠤᠯᠭ᠎ᠠ ᠶᠢ ᠲᠣᠳᠣᠷᠠᠭᠤᠯᠬᠤ ᠱᠠᠭᠠᠷᠳᠠᠯᠭ᠎ᠠ ᠶᠢᠨ ᠬᠦᠷᠢᠶᠡᠨ ᠳᠤ 2019-2021 ᠣᠨ ᠳᠤ ᠰᠠᠭᠤᠷᠢ ᠰᠤᠳᠤᠯᠭᠠᠨ ᠤ ᠲᠥᠰᠥᠯ ᠢ ᠬᠡᠷᠡᠭᠵᠢᠭᠦᠯᠦᠭᠰᠡᠨ᠃ ᠲᠤᠬᠠᠢᠯᠠᠪᠠᠯ᠂ ᠮᠣᠩᠭᠣᠯ ᠤᠨ ᠣᠶᠢᠷᠠᠬᠢ ᠦᠶ᠎ᠡ ᠶᠢᠨ  ᠲᠡᠦᠬᠡ ᠶᠢᠨ ᠰᠤᠳᠤᠯᠭᠠᠨ ᠤ᠂ ᠲᠡᠤᠬᠡ ᠶᠢᠨ ᠰᠤᠷᠭᠠᠮᠵᠢ ᠬᠢᠭᠡᠳ ᠠᠴᠢ ᠬᠤᠯᠪᠣᠭᠳᠠᠯ  ᠪᠦᠬᠦᠢ ᠰᠡᠳᠦᠪ ᠢ ᠪᠣᠯᠪᠠᠰᠤᠷᠠᠭᠤᠯᠬᠤ᠂ ᠦᠨᠦ  ᠶᠢᠨ  ᠲᠡᠦᠬᠡ ᠪᠢᠴᠢᠯᠭᠡ ᠳᠤ ᠣᠷᠬᠢᠭᠳᠠᠭᠰᠠᠨ᠂ ᠬᠦᠡᠵᠡᠭᠡᠢ ᠬᠥᠨᠳᠡᠭᠳᠡᠭᠡ ᠦᠭᠡᠢ ᠦᠶᠯᠡ ᠶᠠᠪᠤᠳᠠᠯ᠂ ᠮᠠᠷᠭᠤᠭᠠᠨ ᠲᠠᠢ ᠠᠰᠠᠭᠤᠳᠠᠯ ᠢ ᠨᠡᠬᠡᠨ ᠰᠤᠳᠤᠯᠬᠤ᠂ ᠮᠤᠩᠭᠤᠯ ᠤᠨ ᠣᠷᠴᠢᠨ ᠦᠶ᠎ᠡ ᠶᠢᠨ ᠲᠡᠦᠬᠡ ᠶᠢ ᠦᠨᠡᠨ ᠵᠥᠪ ᠢᠶᠠᠷ ᠣᠶᠢᠯᠠᠭᠠᠭᠤᠯᠬᠤ ᠵᠣᠷᠢᠯᠭ᠎ᠠ ᠶᠢ ᠠᠭᠤᠯᠤᠭᠰᠠᠨ  ᠲᠦᠰᠦᠯ ᠬᠡᠷᠡᠭᠵᠢᠭᠦᠯᠵᠡᠢ᠃

ᠰᠡᠳᠬᠢᠭᠳᠡᠯ ᠦᠯᠡᠳᠡᠭᠡᠬᠦ