ᠤᠯᠤᠰ ᠤᠨ ᠶᠡᠭᠡ ᠬᠤᠷᠠᠯ ᠤᠨ ᠳᠠᠷᠤᠭ᠎ᠠ ᠬ᠋᠊·ᠽᠠᠨᠳᠠᠨᠰᠢᠲᠠᠷ᠎ᠠ᠂ ᠤᠯᠤᠰ ᠤᠨ ᠶᠡᠭᠡ ᠬᠤᠷᠠᠯ ᠤᠨ ᠭᠡᠰᠢᠭᠦᠨ ᠴ᠊ ·ᠴᠡᠷᠡᠩᠫᠤᠩᠰᠤᠭ᠂ ᠵ᠊ ·ᠮᠥᠩᠬᠡᠪᠠᠲᠤ᠂ ᠬ᠊ ·ᠭᠠᠩᠬᠤᠶᠠᠭ᠂ ᠴ᠊ ·ᠮᠥᠩᠬᠡᠴᠡᠴᠡᠭ ᠨᠠᠷ ᠴᠠᠬ ᠦᠶ᠎ᠡ ᠶᠢᠨ ᠠᠰᠠᠭᠤᠳᠠᠯ ᠢᠶᠠᠷ ᠮᠡᠳᠡᠭᠡᠯᠡᠯ ᠥᠭᠭᠦᠯ᠎ᠡ᠃ ᠡᠨᠡ ᠦᠶ᠎ᠡ ᠪᠠᠷ ᠬ᠋᠊ · ᠽᠠᠨᠳᠠᠨᠰᠢᠲᠠᠷ᠎ᠠ᠄ ᠨᠡᠭᠦᠷᠡᠰᠦᠨ ᠤ ᠬᠤᠯᠠᠭᠠᠢ ᠶᠢ ᠴᠡᠭᠴᠡᠯᠡᠵᠦ᠂ ᠨᠡᠭᠡᠭᠡᠯᠲᠡᠲᠠᠢ᠂ ᠦᠷ᠎ᠡ ᠠᠰᠢᠭ ᠲᠠᠢ ᠪᠣᠯᠭᠠᠬᠤ ᠵᠣᠷᠢᠯᠭ᠎ᠠ ᠪᠠᠷ︽ᠠᠭᠤᠯᠠ ᠠᠭᠤᠷᠬᠠᠢ ᠶᠢᠨ ᠪᠦᠲᠦᠭᠡᠭᠳᠡᠬᠦᠨ ᠤ ᠪᠢᠷᠵᠢ ᠶᠢᠨ ᠲᠤᠬᠠᠶ︾ᠬᠠᠤᠯᠢ ᠶᠢ ᠪᠠᠲᠤᠯᠠᠭᠰᠠᠨ᠃
ᠤᠭ ᠬᠠᠤᠯᠢ ᠲᠠᠢ ᠬᠤᠯᠪᠤᠭᠳᠠᠭᠤᠯᠤᠨ ᠤᠯᠤᠰ ᠤᠨ ᠶᠡᠭᠡ ᠬᠤᠷᠠᠯ ᠤᠨ ᠲᠣᠭᠲᠠᠭᠠᠯ ᠭᠠᠷᠭᠠᠵᠤ᠂ 2012 ᠣᠨ ᠤ ᠨᠢᠭᠡᠳᠦᠭᠡᠷ ᠰᠠᠷ᠎ᠠ ᠶᠢᠨ ᠨᠢᠭᠡᠨ ᠡᠴᠡ ᠬᠤᠶᠢᠰᠢ ᠲᠥᠷᠦᠭᠰᠡᠨ ᠬᠡᠦᠬᠡᠳ ᠤᠳ ᠲᠤ︽ᠡᠷᠳᠡᠨᠢᠰ ᠲᠠᠪᠤᠨᠲᠣᠯᠣᠭᠠᠢ︾ᠬᠤᠪᠢᠴᠠᠭᠠᠲᠤ ᠻᠣᠮᠫᠠᠨᠢ ᠶᠢᠨ 1072 ᠰᠢᠷᠭᠡᠭ ᠬᠤᠪᠢᠴᠠᠭ᠎ᠠ ᠶᠢ ᠣᠯᠭᠤᠬᠤ ᠪᠠᠷ ᠪᠣᠯᠣᠭᠰᠠᠨ ᠃ ᠡᠨᠡ ᠬᠦ ᠲᠣᠭᠲᠠᠭᠠᠯ ᠢ ᠤᠯᠤᠰ ᠤᠨ ᠶᠡᠭᠡ ᠬᠤᠷᠠᠯ ᠳᠠᠬᠢ ᠡᠳ᠋ ᠤᠨ ᠵᠠᠰᠠᠭ ᠤᠨ ᠪᠠᠶᠢᠩᠭᠤ ᠶᠢᠨ ᠬᠤᠷᠢᠶ᠎ᠠ ᠪᠠᠷ ᠬᠡᠯᠡᠯᠴᠡᠨ᠎ᠡ᠃ ᠲᠡᠭᠦᠨᠴᠢᠯᠡᠨ ᠬᠥᠷᠦᠩᠭᠡ ᠶᠢᠨ ᠪᠢᠷᠵᠢ ᠳᠡᠭᠡᠷ᠎ᠡ ᠨᠡᠭᠦᠷᠡᠰᠦ ᠪᠠᠨ ᠨᠡᠭᠡᠭᠡᠯᠲᠡ ᠲᠠᠢ ᠠᠷᠠᠯᠵᠢᠶᠠᠯᠠᠬᠤ ᠠᠰᠠᠭᠤᠳᠠᠯ ᠢ ᠮᠤᠰᠬᠢᠵᠤ᠂ ᠬᠤᠪᠢᠴᠢᠯᠠᠨᠠ ᠭᠡᠬᠦ ᠮᠡᠳᠡᠭᠡᠯᠡᠯ ᠲᠠᠷᠬᠠᠭᠠᠵᠤ ᠪᠠᠶᠢᠨ᠎ᠡ᠃ ᠡᠨᠡ ᠨᠢ ᠲᠠᠰᠢᠶ᠎ᠠ ᠮᠡᠳᠡᠭᠡᠯᠡᠯ ᠪᠣᠯᠬᠤ ᠶᠢ ᠮᠡᠳᠡᠭᠳᠡᠶ᠎ᠡ ᠬᠡᠮᠡᠪᠡ᠃