ᠦᠨᠳᠦᠰᠦᠨ ᠤ ᠰᠲ᠋ᠠᠲ᠋ᠢᠰᠲ᠋ᠢᠺ ᠤᠨ ᠬᠤᠷᠢᠶᠠᠨ ᠤ ᠮᠣᠩᠭᠤᠯ ᠤᠯᠤᠰ ᠤᠨ 2022 ᠣᠨ ᠤ ᠡᠬᠢᠨ ᠤ 11 ᠰᠠᠷ᠎ᠠ ᠶᠢᠨ ᠨᠡᠶᠢᠭᠡᠮ᠂ ᠡᠳ᠋ ᠤᠨ ᠵᠠᠰᠠᠭ ᠤᠨ ᠪᠠᠶᠢᠳᠠᠯ ᠢ ᠲᠠᠨᠢᠯᠴᠠᠭᠤᠯᠤᠯ᠎ᠠ᠃ ᠡᠨᠡ ᠣᠨ ᠤ ᠭᠤᠷᠪᠠᠳᠤᠭᠠᠷ ᠤᠯᠠᠷᠢᠯ ᠤᠨ ᠪᠠᠶᠢᠳᠠᠯ ᠢᠶᠠᠷ ᠨᠢᠭᠡ ᠠᠵᠢᠯᠲᠠᠨ ᠳᠤ ᠨᠣᠭᠳᠠᠬᠤ ᠰᠠᠷ᠎ᠠ ᠶᠢᠨ ᠳᠤᠮᠳᠠᠴᠢ ᠴᠠᠯᠢᠩ 1.6 ᠰᠠᠶ᠎ᠠ ᠲᠥᠭᠦᠷᠢᠭ ᠪᠠᠶᠢᠨ᠎ᠡ᠃
ᠨᠡᠶᠢᠭᠡᠮ ᠤᠨ ᠳᠠᠭᠠᠳᠬᠠᠯ ᠤᠨ ᠰᠢᠮᠡᠳᠬᠡᠯ ᠲᠥᠯᠦᠭᠰᠡᠨ ᠠᠵᠢᠯᠯᠠᠭᠰᠠᠳ ᠤᠨ 73.2 ᠮᠢᠩᠭ᠎ᠠ ᠪᠤᠶᠤ 9.7 ᠬᠤᠪᠢ ᠨᠢ ᠬᠠᠮᠤᠬ ᠤᠨ ᠪᠠᠭ᠎ᠠ ᠪᠤᠶᠤ 420 ᠬᠦᠷᠲᠡᠯᠡᠬᠢ ᠮᠢᠩᠭᠠᠨ ᠲᠥᠭᠦᠷᠢᠭ ᠤᠨ ᠴᠠᠯᠢᠩ ᠲᠠᠢ᠃ ᠬᠠᠷᠢᠨ 66.1 ᠮᠢᠩᠭ᠎ᠠ ᠪᠤᠶᠤ 8.8 ᠬᠤᠪᠢ ᠨᠢ ᠬᠠᠮᠤᠬ ᠤᠨ ᠶᠡᠭᠡ ᠪᠤᠶᠤ 3 ᠰᠠᠶ᠎ᠠ ᠪᠤᠯᠦᠠ ᠲᠡᠭᠦᠨ ᠠᠴᠠ ᠳᠡᠭᠡᠭᠰᠢ ᠲᠥᠭᠦᠷᠢᠭ ᠤᠨ ᠴᠠᠯᠢᠩ ᠠᠪᠴᠤ ᠪᠠᠶᠢᠨ᠎ᠡ᠃ ᠲᠥᠷᠦ ᠶᠢᠨ ᠥᠮᠴᠢᠲᠦ ᠦᠢᠯᠡᠳᠪᠦᠷᠢ ᠶᠢᠨ ᠭᠠᠵᠠᠷ ᠲᠤ ᠠᠵᠢᠯᠯᠠᠵᠤ ᠪᠠᠶᠢᠭ᠎ᠠ ᠬᠥᠮᠥᠰ ᠤᠨ ᠳᠤᠮᠳᠠᠴᠢ ᠴᠠᠯᠢᠩ ᠬᠠᠮᠤᠬ ᠤᠨ ᠦᠡᠳᠦᠷ ᠪᠤᠶᠤ 1.9 ᠰᠠᠶ᠎ᠠ ᠪᠠᠶᠢᠭ᠎ᠠ ᠶᠤᠮ᠃