ᠪᠤᠬᠳᠠ ᠬᠠᠭᠠᠨ ᠤ ᠬᠥᠰᠢᠶᠡᠨ ᠳᠤ ᠴᠡᠴᠡᠭ ᠡᠷᠭᠦᠪᠡ | News.MN

ᠪᠤᠬᠳᠠ ᠬᠠᠭᠠᠨ ᠤ ᠬᠥᠰᠢᠶᠡᠨ ᠳᠤ ᠴᠡᠴᠡᠭ ᠡᠷᠭᠦᠪᠡ

ᠦᠨᠳᠦᠰᠦᠨ ᠤ ᠡᠷᠭᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠡᠳᠦᠷ ᠢ ᠲᠣᠬᠢᠶᠠᠯᠳᠤᠭᠤᠯᠤᠨ ᠪᠤᠬᠳᠠ ᠬᠠᠭᠠᠨ ᠤ ᠴᠡᠴᠡᠷᠯᠢᠭ ᠬᠦᠷᠢᠶᠡᠯᠡᠩ ᠳᠤ ᠪᠠᠶᠢᠷᠢᠯᠠᠳᠠᠭ ᠪᠤᠬᠳᠠ ᠬᠠᠭᠠᠨ ᠤ ᠬᠥᠰᠢᠶᠡᠨ ᠳᠤ ᠴᠡᠴᠡᠭ ᠡᠷᠭᠦᠯ᠎ᠡ᠃ ᠴᠡᠴᠡᠭ ᠡᠷᠬᠦᠬᠦ ᠶᠣᠰᠣᠯᠠᠯ ᠳᠤ ᠲᠥᠷᠦ ᠵᠠᠰᠠᠭ ᠤᠨ ᠵᠠᠷᠢᠮ ᠲᠥᠯᠦᠭᠡᠯᠡᠭᠴᠢ᠂ ᠪᠤᠬᠳᠠ ᠬᠠᠭᠠᠨ ᠤ ᠣᠷᠳᠣᠨ ᠮᠦᠽᠧᠢ ᠶᠢᠨ ᠠᠵᠢᠯᠲᠠᠨ᠂ ᠠᠯᠪᠠᠨ ᠬᠠᠭᠠᠭᠴᠢᠳ᠂ ᠪᠤᠷᠬᠠᠨ ᠱᠠᠰᠢᠨᠲᠠᠨ ᠤ ᠲᠥᠪ ᠭᠠᠨᠳᠠᠨ ᠳᠡᠭᠴᠢᠯᠡᠨ ᠬᠡᠶᠢᠳ ᠤᠨ ᠯᠠᠮ᠎ᠠ ᠬᠤᠸᠠᠷᠠᠭ ᠤᠳ᠂  ᠲᠡᠤᠬᠡᠴᠢ᠂ ᠡᠷᠳᠡᠮᠲᠡᠨ ᠰᠤᠳᠤᠯᠤᠭᠠᠴᠢᠳ ᠣᠷᠣᠯᠴᠠᠪᠠ᠃
1911 ᠣᠨ ᠤ ᠴᠠᠭᠠᠭᠴᠢᠨ ᠭᠠᠭ᠋ᠠᠢ ᠵᠢᠯ ᠤᠨ ᠡᠪᠦᠯ ᠤᠨ ᠳᠤᠮᠳᠠ ᠰᠠᠷ᠎ᠠ ᠶᠢᠨ ᠰᠢᠨ᠎ᠡ ᠶᠢᠨ ᠶᠢᠰᠤᠨ ᠪᠤᠶᠤ ᠠᠷᠭ᠎ᠠ ᠶᠢᠨ ᠲᠣᠭᠠᠯᠠᠯ ᠤᠨ 1911 ᠣᠨ ᠤ 12 ᠳ᠋ᠤᠭᠠᠷ ᠰᠠᠷ᠎ᠠ ᠶᠢᠨ 29  ᠳᠤ ᠮᠣᠩᠭᠤᠯ ᠤᠯᠤᠰ ᠤᠨ ᠲᠡᠦᠬᠡᠨ ᠳᠤ 200 ᠭᠠᠷᠦᠢ ᠵᠢᠯ ᠦᠷᠭᠦᠯᠵᠢᠯᠡᠭᠰᠡᠨ ᠮᠠᠨᠵᠤ ᠴᠢᠩ ᠭᠦᠷᠦᠨ ᠤ ᠨᠣᠶᠠᠷᠬᠠᠯ ᠢ ᠡᠴᠦᠰ ᠪᠣᠯᠭᠠᠨ ᠮᠣᠩᠭᠤᠯᠴᠤᠳ ᠦᠨᠳᠦᠰᠦᠨ ᠤ ᠲᠤᠰᠠᠭᠠᠷ ᠲᠣᠭᠲᠠᠨᠢᠯ ᠢᠶᠠᠨ ᠵᠠᠷᠯᠠᠵᠤ᠂  ᠨᠠᠢ᠌ᠮᠠᠳᠤᠭᠠᠷ ᠪᠣᠭᠳᠠ ᠶᠢ ᠮᠣᠩᠭᠤᠯ ᠤᠯᠤᠰ ᠤᠨ ᠱᠠᠰᠢᠨ ᠲᠥᠷᠥ ᠶᠢ ᠬᠤᠣᠰᠯᠠᠨ ᠪᠠᠷᠢᠭᠴᠢ᠂ ᠬᠡᠮᠵᠢᠶ᠎ᠡ ᠦᠭᠡᠢ ᠡᠷᠬᠡᠲᠦ ᠬᠠᠭᠠᠨ ᠳᠤ ᠡᠷᠭᠦᠮᠵᠢᠯᠡᠵᠦ᠂ ᠲᠡᠭᠦᠨ ᠳᠤ ᠲᠥᠷᠦ ᠶᠢᠨ ᠲᠠᠮᠠᠭ᠎ᠠ᠂ ᠲᠥᠷᠦ ᠶᠢᠨ ᠳᠠᠯᠪᠠᠭ᠎ᠠ᠂ ᠡᠷᠭᠦᠮᠵᠢᠯᠡᠯ᠂ ᠬᠦᠨᠳᠦᠳᠬᠡᠯ ᠢ ᠡᠷᠭᠦᠵᠦ᠂ ᠲᠠᠪᠤᠨ ᠶᠠᠮᠤᠨ  ᠪᠦᠬᠦᠢ ᠵᠠᠰᠠᠭ ᠤᠨ ᠭᠠᠵᠠᠷ ᠢ ᠪᠠᠶᠢᠭᠤᠯᠬᠤ ᠲᠡᠦᠬᠡᠨ ᠰᠢᠢᠳᠪᠦᠷᠢ ᠭᠠᠷᠭᠠᠨ᠂ ᠲᠤᠰᠠᠭᠠᠷ ᠲᠣᠭᠲᠠᠨᠢᠭᠰᠠᠨ ᠪᠤᠬᠳᠠ ᠬᠠᠭᠠᠨᠲᠤ ᠮᠣᠩᠭᠤᠯ ᠤᠯᠤᠰ ᠢ ᠪᠠᠶᠢᠭᠤᠯᠤᠭᠰᠠᠨ ᠶᠤᠮ᠃

ᠰᠤᠼᠢᠶᠠᠯᠢᠰᠮ ᠤᠨ  ᠣᠨ ᠵᠢᠯ ᠤᠳ ᠲᠤ  ᠡᠨᠡ ᠬᠦ ᠲᠡᠦᠬᠡᠨ ᠴᠢᠬᠤᠯᠠ ᠡᠳᠦᠷ ᠤᠨ ᠦᠨ᠎ᠡ ᠴᠡᠨ᠎ᠡ ᠶᠢ ᠤᠢᠰᠢᠶᠠᠯ ᠦᠭᠡᠢ ᠢᠷᠡᠭᠰᠡᠨ ᠴᠤ  ᠤᠯᠤᠰ ᠤᠨ ᠶᠡᠭᠡ ᠬᠤᠷᠠᠯ  ᠤᠨ 2007 ᠣᠨ ᠤ 8 ᠳ᠋ᠤᠭᠠᠷ ᠰᠠᠷ᠎ᠠ ᠶᠢᠨ 16 ᠤ ᠬᠠᠤᠯᠢ ᠪᠠᠷ 12 ᠳ᠋ᠤᠭᠠᠷ ᠰᠠᠷ᠎ᠠ ᠶᠢᠨ 29 ᠢ ᠨᠡᠶᠢᠲᠡ ᠪᠠᠷ ᠲᠡᠮᠳᠡᠭᠯᠡᠬᠦ ᠲᠡᠮᠳᠡᠭᠯᠡᠯᠲᠦ ᠡᠳᠦᠷ ᠪᠣᠯᠭᠠᠨ᠂ ᠤᠯᠠᠮ ᠢᠶᠠᠷ 2011 ᠣᠨ ᠤ 12 ᠳ᠋ᠤᠭᠠᠷ ᠰᠠᠷ᠎ᠠ ᠶᠢᠨ 23 ᠤ ᠡᠳᠦᠷ ᠤᠨ ᠬᠠᠤᠯᠢ ᠪᠠᠷ ᠦᠨᠳᠦᠰᠦᠨ ᠤ ᠡᠷᠭᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠭᠰᠡᠨ ᠤ ᠪᠠᠶᠠᠷ ᠤᠨ ᠡᠳᠦᠷ ᠬᠡᠮᠡᠨ ᠨᠡᠶᠢᠲᠡ ᠪᠠᠷ ᠲᠡᠮᠳᠡᠭᠯᠡᠬᠦ ᠪᠠᠶᠠᠷ ᠤᠨ ᠡᠳᠦᠷ ᠪᠣᠯᠭᠠᠬᠤ ᠪᠠᠷ ᠬᠠᠤᠯᠢᠴᠢᠯᠠᠭᠰᠠᠨ ᠶᠤᠮ᠃

ᠰᠡᠳᠬᠢᠭᠳᠡᠯ ᠦᠯᠡᠳᠡᠭᠡᠬᠦ