︽ᠤᠯᠠᠨ᠎ᠠ ᠡᠷᠭᠦᠭᠳᠡᠭᠰᠡᠨ ᠮᠣᠩᠭᠤᠯ  ᠤᠯᠤᠰ᠄ ᠨᠡᠶᠢᠰᠯᠡᠯ ᠬᠦᠷᠢᠶ᠎ᠡ︾ᠦᠵᠡᠰᠬᠦᠯᠡᠩ ᠢ ᠨᠡᠭᠡᠭᠡᠯ᠎ᠡ | News.MN

︽ᠤᠯᠠᠨ᠎ᠠ ᠡᠷᠭᠦᠭᠳᠡᠭᠰᠡᠨ ᠮᠣᠩᠭᠤᠯ  ᠤᠯᠤᠰ᠄ ᠨᠡᠶᠢᠰᠯᠡᠯ ᠬᠦᠷᠢᠶ᠎ᠡ︾ᠦᠵᠡᠰᠬᠦᠯᠡᠩ ᠢ ᠨᠡᠭᠡᠭᠡᠯ᠎ᠡ

ᠪᠤᠬᠳᠠ ᠬᠠᠭᠠᠨ ᠤ ᠣᠷᠳᠣᠨ ᠮᠦᠽᠧᠶ ᠦᠨᠳᠦᠰᠦᠨ ᠤ ᠡᠷᠭᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠡᠳᠦᠷ ᠢ ᠲᠣᠬᠢᠶᠠᠯᠳᠤᠭᠤᠯᠤᠨ ᠠᠷᠠᠳ ᠤᠨ ᠵᠢᠷᠤᠭᠠᠴᠢ ᠬ᠋᠊ · ᠳᠦᠮᠪᠦᠷᠡ ᠲᠠᠢ ᠬᠠᠮᠲᠤᠷᠠᠭᠰᠠᠨ ᠲᠤᠰᠬᠠᠶ ᠦᠵᠡᠰᠬᠦᠯᠡᠩ ᠢ ᠨᠡᠭᠡᠭᠡᠯ᠎ᠡ᠃
︽ᠤᠯᠠᠨ᠎ᠠ ᠡᠷᠭᠦᠭᠳᠡᠭᠰᠡᠨ ᠮᠣᠩᠭᠤᠯ  ᠂ ᠤᠯᠤᠰ᠄ ᠨᠡᠶᠢᠰᠯᠡᠯ ᠬᠦᠷᠢᠶ᠎ᠡ︾ ᠭᠡᠮᠡᠬᠦ  ᠡᠨᠡ ᠬᠦ ᠦᠵᠡᠰᠬᠦᠯᠡᠩ ᠳᠤ ᠪᠤᠬᠳᠠ ᠬᠠᠭᠠᠨ ᠤ ᠣᠷᠳᠣᠨ ᠮᠦᠽᠧᠢ ᠳᠤ ᠬᠠᠳᠠᠭᠠᠯᠠᠭᠳᠠᠵᠤ ᠪᠤᠶ ᠬᠤᠤᠰ ᠦᠭᠡᠶ ᠦᠨᠡᠲᠦ ᠦᠵᠡᠮᠦᠷᠢ ᠨᠦᠭᠦᠳ ᠪᠤᠯᠦᠠ ᠠᠷᠠᠳ ᠤᠨ ᠵᠢᠷᠤᠭᠠᠴᠢ ᠬ᠋᠊ ·ᠳᠦᠮᠪᠦᠷᠡ  ᠶᠢᠨ ᠪᠦᠲᠦᠭᠡᠭᠰᠡᠨ ᠬᠦᠷᠢᠶᠡᠨ ᠤ ᠲᠠᠯ᠎ᠠ ᠪᠠᠷ ᠬᠢ ᠤᠷᠠᠨ ᠵᠢᠷᠤᠭ ᠤᠨ ᠰᠢᠯᠢᠳᠡᠭ ᠪᠦᠲᠦᠭᠡᠯ ᠤᠨ ᠳᠡᠭᠡᠵᠢ ᠠᠴᠠ ᠳᠡᠯᠭᠡᠵᠡᠢ᠃
ᠬ᠋᠊ · ᠳᠦᠮᠪᠦᠷᠡ᠄ ᠪᠢ 1965 ᠣᠨ ᠠᠴᠠ ᠤᠷᠠᠨ ᠪᠦᠲᠦᠭᠡᠯ ᠢᠶᠠᠨ ᠲᠤᠭᠤᠷᠪᠢᠵᠤ ᠡᠬᠢᠯᠡᠭᠰᠡᠨ᠃ ᠡᠨᠡ ᠬᠤᠭᠤᠴᠠᠭᠠᠨ ᠳᠤ  ᠲᠡᠦᠬᠡ᠂ ᠤᠭᠰᠠᠭᠠᠲᠠᠨ ᠤ ᠵᠦᠢ ᠶᠢ ᠰᠣᠨᠢᠷᠬᠠᠨ᠂ ᠶᠡᠭᠡ ᠬᠦᠷᠢᠶ᠎ᠡ᠂ ᠨᠡᠶᠢᠰᠯᠡᠯ ᠬᠦᠷᠢᠶ᠎ᠡ᠂ ᠨᠣᠮ ᠤᠨ ᠬᠦᠷᠢᠶ᠎ᠡ ᠵᠡᠷᠭᠡ ᠪᠦᠲᠦᠭᠡᠯ ᠲᠤᠭᠤᠷᠪᠢᠭᠰᠠᠨ᠃︽ᠨᠡᠶᠢᠰᠯᠡᠯ ᠬᠦᠷᠢᠶ᠎ᠡ︾ᠤᠷᠠᠨ ᠪᠦᠲᠦᠭᠡᠯ ᠢᠶᠠᠨ ᠲᠤᠭᠤᠷᠪᠢᠬᠤ ᠳᠠᠭᠠᠨ ᠶᠡᠭᠡ ᠡᠷᠳᠡᠮᠲᠡᠨ ᠪ ∙ ᠷᠢᠨᠴᠢᠨ᠂  ᠨᠨ᠊∙ ᠳ᠋ᠠᠨᠽᠠᠨ᠂  ᠨᠨ᠊∙ ᠰᠡᠷᠡᠲᠡᠷ  ᠨᠠᠷ ᠤᠨ ᠬᠦᠷᠢᠶᠡᠨ ᠤ ᠠᠬᠠᠮᠡᠦᠠ ᠤᠷᠠᠨ ᠪᠦᠲᠦᠭᠡᠯᠴᠢᠳ ᠠᠴᠠ ᠵᠥᠪᠯᠡᠯᠭᠡ ᠠᠪᠴᠤ᠂ ᠲᠡᠳᠡᠨ ᠤ ᠦᠭᠡ ᠪᠦᠷᠢ ᠶᠢ ᠤᠷᠠᠨ ᠪᠦᠲᠦᠭᠡᠯ ᠳᠡᠭᠡᠨ ᠲᠤᠰᠬᠠᠭᠰᠠᠨ ᠭᠡᠪᠡ᠃

ᠰᠡᠳᠬᠢᠭᠳᠡᠯ ᠦᠯᠡᠳᠡᠭᠡᠬᠦ