ᠲᠥᠷᠦ ᠶᠢᠨ  ᠴᠠᠬᠢᠮ ᠦᠢᠯᠡᠴᠢᠯᠡᠭᠡᠨ ᠤ ᠵᠣᠬᠢᠴᠠᠭᠤᠯᠤᠯᠲᠠ ᠶᠢᠨ ᠭᠠᠵᠠᠷ ᠪᠠᠶᠢᠭᠤᠯᠤᠯ᠎ᠠ | News.MN

ᠲᠥᠷᠦ ᠶᠢᠨ  ᠴᠠᠬᠢᠮ ᠦᠢᠯᠡᠴᠢᠯᠡᠭᠡᠨ ᠤ ᠵᠣᠬᠢᠴᠠᠭᠤᠯᠤᠯᠲᠠ ᠶᠢᠨ ᠭᠠᠵᠠᠷ ᠪᠠᠶᠢᠭᠤᠯᠤᠯ᠎ᠠ

ᠴᠠᠬᠢᠮ ᠬᠥᠭᠵᠢᠯ᠂ ᠬᠠᠷᠢᠯᠴᠠᠭ᠎ᠠ ᠬᠤᠯᠪᠤᠭᠠᠨ ᠤ ᠰᠠᠶᠢᠳ ᠤᠨ ᠡᠷᠬᠢᠯᠡᠬᠦ ᠠᠰᠠᠭᠤᠳᠠᠯ ᠤᠨ ᠬᠦᠷᠢᠶᠡᠨ ᠳᠤ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠡᠩᠧᠨ᠋ᠲᠯᠢᠭ᠋- ᠲᠥᠷᠦ ᠶᠢᠨ ᠴᠠᠬᠢᠮ ᠦᠢᠯᠡᠴᠢᠯᠡᠭᠡᠨ ᠤ ᠵᠣᠬᠢᠴᠠᠭᠤᠯᠤᠯᠲᠠ ᠶᠢᠨ ᠭᠠᠵᠠᠷ ᠪᠠᠶᠢᠭᠤᠯᠤᠨ᠎ᠠ᠃ ᠠᠶᠢᠮᠠᠭ᠂ ᠨᠡᠶᠢᠰᠯᠡᠯ ᠳᠤ ᠦᠶᠯᠡ ᠠᠵᠢᠯᠯᠠᠭ᠎ᠠ ᠶᠠᠪᠤᠭᠤᠯᠵᠤ ᠪᠠᠶᠢᠭ᠎ᠠ ᠦᠢᠯᠡᠴᠢᠯᠡᠭᠡᠨ ᠤ ᠨᠢᠭᠡᠳᠦᠭᠰᠡᠨ ᠲᠥᠪ ᠤᠳ ᠤᠨ ᠴᠢᠭ ᠡᠭᠦᠷᠭᠡ ᠲᠠᠢ ᠲᠥᠷᠦ ᠶᠢᠨ   ᠴᠠᠬᠢᠮ ᠦᠢᠯᠡᠴᠢᠯᠡᠭᠡᠨ ᠤ ᠵᠣᠬᠢᠴᠠᠭᠤᠯᠤᠯᠲᠠ ᠶᠢᠨ ᠭᠠᠵᠠᠷ ᠤᠨ ᠴᠢᠭ ᠡᠭᠦᠷᠭᠡ ᠶᠢ ᠳᠠᠪᠬᠤᠷᠳᠠᠭᠤᠯᠬᠤ ᠦᠭᠡᠢ ᠪᠠᠶᠢᠬᠤ ᠡᠭᠦᠳᠡᠨ ᠠᠴᠠ ᠲᠥᠷᠦ ᠶᠢᠨ ᠦᠢᠯᠡᠴᠢᠯᠡᠭᠡᠨ ᠤ ᠨᠢᠭᠡᠳᠦᠭᠰᠡᠨ ᠲᠥᠪ ᠤᠳ ᠢ ᠤᠳᠦᠷᠢᠳᠦᠯᠭ᠎ᠠ᠂ ᠵᠣᠬᠢᠶᠠᠨ ᠪᠠᠶᠢᠭᠤᠯᠤᠯᠲᠠ᠂ ᠰᠤᠷᠭᠠᠯᠲᠠ ᠪᠠᠷ ᠬᠠᠩᠭᠠᠵᠤ᠂ ᠦᠢᠯᠡᠴᠢᠯᠡᠭᠡᠨ ᠤ ᠰᠲ᠋ᠠᠨᠳᠠᠷᠲ ᠤᠨ ᠱᠠᠭᠠᠷᠳᠠᠯᠭ᠎ᠠ  ᠮᠦᠷᠳᠡᠭᠦᠯᠦᠨ᠂ ᠨᠢᠭᠡᠳᠦᠭᠰᠡᠨ ᠰᠢᠰᠲ᠋ᠧᠮ ᠨᠡᠪᠲᠡᠷᠡᠭᠦᠯᠵᠦ ᠠᠵᠢᠯᠯᠠᠬᠤ ᠶᠢ  ᠴᠠᠬᠢᠮ ᠬᠥᠭᠵᠢᠯ᠂ ᠬᠠᠷᠢᠯᠴᠠᠭ᠎ᠠ ᠬᠤᠯᠪᠤᠭᠠᠨ ᠤ ᠰᠠᠶᠢᠳ ᠲᠤ ᠳᠠᠭᠠᠭᠠᠯᠭᠠᠯ᠎ᠠ᠃
ᠲᠥᠷᠦ ᠶᠢᠨ ᠴᠠᠬᠢᠮ ᠦᠢᠯᠡᠴᠢᠯᠡᠭᠡᠨ ᠤ ᠵᠣᠬᠢᠴᠠᠭᠤᠯᠤᠯᠲᠠ ᠶᠢᠨ ᠭᠠᠵᠠᠷ ᠪᠠᠶᠢᠭᠤᠯᠤᠭᠳᠠᠭᠰᠠᠨ ᠢᠶᠠᠷ ᠨᠡᠶᠢᠰᠯᠡᠯ ᠤᠨ ᠵᠢᠷᠭᠤᠭᠠᠨ ᠦᠢᠯᠡᠴᠢᠯᠡᠭᠡᠨ ᠤ ᠨᠢᠭᠡᠳᠦᠭᠰᠡᠨ ᠲᠥᠪ᠂ ᠨᠡᠶᠢᠰᠯᠡᠯ ᠳᠠᠬᠢ 59 ᠲᠥᠷᠦ ᠶᠢᠨ ᠦᠢᠯᠡᠴᠢᠯᠡᠭᠡᠨ ᠤ ᠴᠡᠭ᠂ 21 ᠠᠶᠢᠮᠠᠭ ᠤᠨ ᠦᠢᠯᠡᠴᠢᠯᠡᠭᠡᠨ ᠤ ᠨᠢᠭᠡᠳᠦᠭᠰᠡᠨ ᠲᠥᠪ᠂ 309 ᠰᠤᠮᠤ ᠰᠠᠭᠤᠷᠢᠨ ᠭᠠᠵᠠᠷ ᠨᠡᠶᠢᠲᠡ 395 ᠴᠡᠭ ᠢᠶᠠᠷ ᠳᠠᠮᠵᠢᠭᠤᠯᠤᠨ ᠠᠶᠢᠮᠠᠭ᠂ ᠰᠤᠮᠤᠳ ᠲᠤ ᠰᠠᠯᠪᠤᠷᠢ ᠨᠢᠭᠡᠴᠢ ᠦᠭᠡᠢ ᠲᠥᠷᠦ ᠶᠢᠨ ᠵᠠᠬᠢᠷᠭᠠᠨ ᠤ ᠪᠠᠶᠢᠭᠤᠯᠤᠯᠭ᠎ᠠ ᠶᠢᠨ ᠪᠤᠯᠦᠠ ᠪᠤᠰᠤᠳ ᠲᠥᠷᠦ ᠶᠢᠨ ᠪᠠᠶᠢᠭᠤᠯᠤᠯᠭ᠎ᠠ ᠶᠢᠨ ᠦᠢᠯᠡᠴᠢᠯᠡᠭᠡ ᠶᠢ ᠬᠥᠮᠦᠨ᠂ ᠬᠠᠤᠯᠢ ᠶᠢᠨ ᠡᠲᠡᠭᠡᠳ ᠲᠤ ᠬᠦᠷᠲᠡᠭᠡᠮᠵᠢ ᠲᠠᠢ ᠬᠦᠷᠭᠡᠬᠦ ᠦᠶᠯᠡ ᠠᠵᠢᠯᠯᠠᠭ᠎ᠠ ᠶᠢ ᠤᠳᠤᠷᠢᠳᠤᠨ ᠵᠣᠬᠢᠶᠠᠨ ᠪᠠᠶᠢᠭᠤᠯᠬᠤ᠂ ᠢᠷᠭᠡᠠ ᠲᠥᠪ ᠲᠠᠢ ᠨᠢᠭᠡ ᠴᠣᠩᠬᠤᠨ ᠤ ᠦᠢᠯᠡᠴᠢᠯᠡᠭᠡ ᠦᠵᠡᠭᠦᠯᠦᠨ ᠲᠥᠷᠦ ᠶᠢᠨ ᠦᠢᠯᠡᠴᠢᠯᠡᠭᠡ ᠶᠢ ᠲᠦᠷᠭᠡᠠ᠂ ᠰᠢᠭᠤᠷᠬᠠᠶ ᠬᠦᠷᠭᠡᠬᠦ ᠨᠥᠬᠦᠴᠡᠯ ᠪᠦᠷᠢᠳᠬᠦ ᠶᠤᠮ᠃

ᠰᠡᠳᠬᠢᠭᠳᠡᠯ ᠦᠯᠡᠳᠡᠭᠡᠬᠦ