ᠤᠨᠴᠠᠭᠠᠢ ᠪᠠᠢᠳᠠᠯ ᠤᠨ ᠶᠡᠷᠦᠩᠬᠡᠢ ᠭᠠᠵᠠᠷ ᠭᠠᠵᠠᠷ ᠬᠥᠳᠡᠯᠦᠯᠲᠡ ᠶᠢᠨ ᠲᠡᠰᠪᠤᠷᠢ ᠶᠢᠨ ᠦᠨᠡᠯᠡᠭᠡ ᠬᠢᠨ᠎ᠡ | News.MN

ᠤᠨᠴᠠᠭᠠᠢ ᠪᠠᠢᠳᠠᠯ ᠤᠨ ᠶᠡᠷᠦᠩᠬᠡᠢ ᠭᠠᠵᠠᠷ ᠭᠠᠵᠠᠷ ᠬᠥᠳᠡᠯᠦᠯᠲᠡ ᠶᠢᠨ ᠲᠡᠰᠪᠤᠷᠢ ᠶᠢᠨ ᠦᠨᠡᠯᠡᠭᠡ ᠬᠢᠨ᠎ᠡ

ᠤᠨᠴᠠᠭᠠᠢ ᠪᠠᠢᠳᠠᠯ ᠤᠨ ᠶᠡᠷᠦᠩᠬᠡᠢ ᠭᠠᠵᠠᠷ ᠦᠨ ᠳᠡᠷᠭᠡᠳᠡᠬᠢ ᠭᠠᠮᠰᠢᠬ ᠰᠤᠳᠤᠯᠤᠯ ᠤᠨ ᠦᠨᠳᠦᠰᠦᠨ ᠤ ᠬᠦᠷᠢᠶᠡᠯᠡᠩ ᠨᠢ ᠪᠠᠷᠢᠯᠭ᠎ᠠ ᠪᠠᠶᠢᠭᠤᠯᠤᠮᠵᠢ ᠶᠢᠨ ᠬᠢᠴᠡ᠂ ᠪᠦᠲᠦᠴᠡ ᠶᠢᠨ ᠪᠠᠲᠤ ᠪᠠᠬᠢ ᠶᠢᠨ ᠴᠢᠨᠠᠷ ᠢ  ᠦᠯᠦ ᠡᠪᠳᠡᠬᠦ ᠲᠧᠭᠨᠣᠯᠣᠭᠢ ᠠᠰᠢᠭᠯᠠᠨ ᠪᠠᠷᠢᠯᠭ᠎ᠠ ᠶᠢᠨ ᠭᠠᠵᠠᠷ ᠬᠥᠳᠡᠯᠦᠯᠲᠡ ᠶᠢᠨ ᠲᠡᠰᠪᠤᠷᠢ ᠶᠢᠨ ᠦᠨᠡᠯᠡᠭᠡ ᠬᠢᠵᠦ᠂ ᠮᠡᠷᠭᠡᠵᠢᠯ ᠤᠨ ᠳ᠋ᠦᠩᠨᠡᠯᠲᠡ ᠭᠠᠷᠭᠠᠳᠠᠭ ᠪᠣᠯᠣᠯ᠎ᠠ᠃
ᠶᠠᠫᠤᠨ ᠤᠯᠤᠰ ᠤᠨ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠲᠠᠢ ᠬᠠᠮᠲᠤᠷᠠᠨ 2017-2019 ᠣᠨ ᠳᠤ ᠬᠡᠷᠡᠭᠵᠢᠭᠦᠯᠦᠭᠰᠡᠨ︽ᠮᠣᠩᠭᠤᠯ ᠤᠯᠤᠰ ᠤᠨ ᠭᠠᠵᠠᠷ ᠬᠥᠳᠡᠯᠦᠯᠲᠡ ᠶᠢᠨ ᠭᠠᠮᠰᠢᠭ ᠠᠴᠠ ᠬᠠᠮᠡᠭᠠᠯᠡᠬᠤ ᠴᠢᠳᠠᠪᠬᠢ ᠶᠢ ᠪᠠᠬᠢᠵᠢᠭᠦᠯᠬᠦ ᠲᠥᠰᠥᠯ︾   ᠶᠢᠨ ᠬᠦᠷᠢᠶᠡᠨ ᠳᠤ ᠪᠠᠷᠢᠯᠭ᠎ᠠ᠂ ᠪᠠᠶᠢᠭᠤᠯᠤᠮᠵᠢ ᠶᠢᠨ ᠭᠠᠵᠠᠷ ᠬᠥᠳᠡᠯᠦᠯᠲᠡ ᠶᠢᠨ ᠲᠡᠰᠪᠤᠷᠢ ᠶᠢ ᠬᠡᠮᠵᠢᠬᠦ ᠲᠣᠨᠤᠭ ᠲᠥᠬᠦᠭᠡᠷᠦᠮᠵᠢ ᠶᠢ ᠲᠡᠷᠡ ᠦᠶ᠎ᠡ ᠳᠦ ᠶᠠᠫᠤᠨ ᠤᠯᠤᠰ ᠮᠣᠩᠭᠤᠯ ᠤᠯᠤᠰ ᠲᠤ ᠨᠡᠶᠢᠯᠡᠭᠦᠯᠦᠭᠰᠡᠨ᠃
ᠭᠠᠮᠰᠢᠭ ᠤᠨ ᠰᠤᠳᠤᠯᠤᠯ ᠤᠨ ᠦᠨᠳᠦᠰᠦᠨ ᠤ ᠬᠦᠷᠢᠶᠡᠯᠡᠩ ᠨᠢ ᠲᠡᠳᠡᠭᠡᠷ ᠪᠠᠭᠠᠵᠢ ᠨᠤᠭᠤᠳ ᠢᠶᠠᠷ ᠪᠠᠷᠢᠯᠭ᠎ᠠ ᠶᠢᠨ ᠮᠠᠲ᠋ᠧᠷᠢᠶᠠᠯ ᠤᠨ ᠨᠢᠬᠳᠠ᠂  ᠴᠤᠭᠤᠷᠠᠯᠲᠠ᠂ ᠪᠧᠲ᠋ᠣᠨ ᠤ ᠦᠶ᠎ᠡ᠂ ᠲᠡᠮᠦᠷ ᠦᠨ ᠵᠢᠪᠡᠷᠡᠯᠲᠡ ᠵᠡᠷᠭᠡ ᠶᠢ ᠬᠡᠮᠵᠢᠵᠦ᠂ ᠪᠠᠷᠢᠯᠭ᠎ᠠ ᠶᠢᠨ ᠭᠠᠵᠠᠷ ᠬᠥᠳᠡᠯᠦᠯᠲᠡ ᠶᠢ ᠲᠡᠰᠪᠦᠷᠢᠯᠡᠬᠦ ᠴᠢᠳᠡᠪᠦᠷᠢ᠂ ᠡᠷᠡᠰᠳᠡᠯ ᠢ ᠲᠣᠳᠣᠷᠬᠠᠶᠢᠯᠠᠵᠤ ᠪᠠᠶᠢᠨ᠎ᠡ᠃

ᠰᠡᠳᠬᠢᠭᠳᠡᠯ ᠦᠯᠡᠳᠡᠭᠡᠬᠦ