ᠳ᠋ᠣ᠂ ᠪᠣᠯᠣᠳ ︽Silk Road︾ᠱᠠᠩᠨᠠᠯ ᠬᠦᠷᠲᠡᠵᠡᠢ | News.MN

ᠳ᠋ᠣ᠂ ᠪᠣᠯᠣᠳ ︽Silk Road︾ᠱᠠᠩᠨᠠᠯ ᠬᠦᠷᠲᠡᠵᠡᠢ

ᠮᠣᠩᠭᠤᠯ ᠤᠯᠤᠰ ᠤᠨ ᠲᠥᠷᠦ ᠶᠢᠨ ᠰᠣᠶᠣᠷᠬᠠᠯᠲᠤ᠂ ᠠᠷᠠᠳ ᠤᠨ ᠵᠢᠷᠤᠭᠠᠴᠢ ᠳ᠋ᠣ᠂ ᠪᠣᠯᠣᠳ ᠶᠠᠫᠣᠨ ᠤ ᠲᠤᠤᠺᠢᠣ᠋ ᠬᠤᠲᠠ ᠶᠢᠨ ᠲᠤᠤᠺᠢᠣ᠋ ᠮᠦᠽᠧᠢ ᠳᠤ ᠵᠣᠬᠢᠶᠠᠨ ᠪᠠᠶᠢᠭᠤᠯᠤᠭᠳᠠᠭᠰᠠᠨ 48 ᠳ᠋ᠤᠭᠠᠷ  ᠣᠯᠠᠨ ᠤᠯᠤᠰ ᠤᠨ ᠣᠷᠴᠢᠨ ᠦᠶ᠎ᠡ ᠶᠢᠨ ᠤᠷᠠᠯᠢᠭ ᠤᠨ ᠦᠵᠡᠰᠬᠦᠯᠡᠩ ᠳᠤ ᠤᠷᠠᠨ ᠪᠦᠲᠦᠭᠡᠯ ᠢᠶᠠᠷ ᠢᠶᠠᠨ ᠣᠷᠣᠯᠴᠠᠵᠤ᠂ ᠣᠯᠠᠨ ᠤᠯᠤᠰ ᠤᠨ ᠣᠷᠴᠢᠨ ᠦᠶ᠎ᠡ ᠶᠢᠨ ᠤᠷᠠᠨ ᠪᠦᠲᠦᠭᠡᠯᠴᠢᠳ ᠤᠨ ᠨᠡᠶᠢᠭᠡᠮᠯᠢᠭ ᠤᠨ︽Silk Road︾ᠱᠠᠩᠨᠠᠯ ᠢ ᠬᠦᠷᠲᠡᠵᠡᠢ᠃
ᠱᠠᠩᠨᠠᠯ ᠢ ᠶᠠᠫᠣᠨ ᠤ ᠺᠠᠨᠠᠭᠠᠸᠠ ᠮᠤᠵᠢ ᠶᠢᠨ ᠵᠢᠷᠤᠭᠠᠴᠢᠳ ᠤᠨ ᠬᠤᠯᠪᠤᠭᠠᠨ ᠤ ᠲᠥᠯᠦᠭᠡᠯᠡᠭᠴᠢ ᠳ᠋᠊ · ᠲᠤᠤᠯᠠ ᠨᠢᠭᠡᠳᠦᠭᠡᠷ ᠰᠠᠷ᠎ᠠ ᠶᠢᠨ ᠳᠦᠷᠪᠡᠨ ᠳᠤ ᠤᠯᠠᠭᠠᠨᠪᠠᠭᠠᠲᠤᠷ ᠬᠤᠲᠠ ᠳᠤ ᠭᠠᠷᠳᠠᠭᠤᠯᠤᠨ ᠥᠭᠭᠦᠭᠰᠡᠨ ᠪᠠᠶᠢᠨ᠎ᠡ᠃

ᠰᠡᠳᠬᠢᠭᠳᠡᠯ ᠦᠯᠡᠳᠡᠭᠡᠬᠦ