ᠬᠥᠭᠵᠢᠯ ᠤᠨ ᠪᠠᠩᠬᠢᠨ ᠤ ᠵᠢᠭᠡᠯᠡᠯᠭᠡ ᠶᠢᠨ ᠨᠤᠲᠠᠯᠠᠬᠤ ᠪᠠᠷᠢᠮᠲᠠ ᠶᠢ ᠰᠢᠨᠵᠢᠯᠡᠨ ᠰᠤᠳᠤᠯᠬᠤ ᠰᠣᠨᠣᠰᠬᠠᠯ ᠡᠬᠢᠯᠡᠯ᠎ᠡ | News.MN

ᠬᠥᠭᠵᠢᠯ ᠤᠨ ᠪᠠᠩᠬᠢᠨ ᠤ ᠵᠢᠭᠡᠯᠡᠯᠭᠡ ᠶᠢᠨ ᠨᠤᠲᠠᠯᠠᠬᠤ ᠪᠠᠷᠢᠮᠲᠠ ᠶᠢ ᠰᠢᠨᠵᠢᠯᠡᠨ ᠰᠤᠳᠤᠯᠬᠤ ᠰᠣᠨᠣᠰᠬᠠᠯ ᠡᠬᠢᠯᠡᠯ᠎ᠡ

ᠬᠥᠭᠵᠢᠯ ᠤᠨ ᠪᠠᠩᠬᠢᠨ ᠠᠴᠠ ᠰᠠᠩᠬᠦᠦᠵᠢᠭᠦᠯᠦᠭᠰᠡᠨ ᠲᠥᠰᠥᠯ᠂ ᠬᠥᠲᠥᠯᠪᠦᠷᠢ ᠶᠢᠨ ᠬᠡᠷᠡᠭᠵᠢᠯᠲᠡ᠂  ᠵᠢᠭᠡᠯᠡᠯᠭᠡ ᠶᠢᠨ ᠡᠷᠭᠢᠨ ᠲᠥᠯᠦᠯᠲᠡ ᠶᠢᠨ ᠶᠠᠪᠤᠴᠠ᠂ ᠪᠠᠶᠢᠳᠠᠯ ᠢ ᠬᠢᠨᠠᠨ ᠰᠢᠯᠭᠠᠬᠤ  ᠲᠦᠷ ᠬᠤᠷᠢᠶᠠᠨ ᠠᠴᠠ ᠨᠤᠲᠠᠯᠠᠬᠤ ᠪᠠᠷᠢᠮᠲᠠ ᠶᠢ ᠰᠢᠨᠵᠢᠯᠡᠨ ᠰᠤᠳᠤᠯᠬᠤ ᠰᠣᠨᠣᠰᠬᠠᠯ ᠢ ᠨᠢᠭᠡᠳᠦᠭᠡᠷ ᠰᠠᠷ᠎ᠠ ᠶᠢᠨ 16-20 ᠤ ᠡᠳᠦᠷ ᠤᠳ ᠲᠤ ᠵᠣᠬᠢᠶᠠᠨ ᠪᠠᠶᠢᠭᠤᠯᠤᠨ᠎ᠠ᠃
ᠰᠤᠨᠤᠰᠬᠠᠯ ᠳᠤ ᠳᠠᠪᠬᠤᠷᠳᠠᠭᠰᠠᠨ ᠲᠤᠭ᠎ᠠ ᠪᠠᠷ 306 ᠭᠡᠷᠡᠴᠢ ᠤᠷᠦᠯᠴᠡᠬᠤ ᠶᠤᠮ᠃ ᠰᠣᠨᠣᠰᠬᠠᠯ ᠤᠨ ᠡᠬᠢᠨ ᠤ ᠡᠳᠦᠷ 65 ᠭᠡᠷᠡᠴᠢ᠂  ᠬᠤᠶᠠᠳᠠᠬᠢ ᠡᠳᠦᠷ 47᠂  ᠭᠤᠷᠪᠠᠳᠠᠬᠢ ᠡᠳᠦᠷ 31᠂  ᠳᠦᠷᠪᠡᠳᠡᠬᠢ ᠡᠳᠦᠷ 25᠂  ᠲᠠᠪᠤᠳᠠᠬᠢ ᠡᠳᠦᠷ 23 ᠪᠤᠶᠤ ᠨᠡᠶᠢᠲᠡ ᠳᠡᠭᠡᠨ 191 ᠣᠷᠤᠯᠴᠠᠭᠴᠢ ᠬᠥᠭᠵᠢᠯ ᠤᠨ ᠪᠠᠩᠬᠢᠨ ᠠᠴᠠ ᠰᠢᠭᠤᠦᠠ ᠰᠠᠩᠬᠦᠦᠵᠢᠭᠦᠯᠦᠭᠰᠡᠨ 77 ᠵᠢᠭᠡᠯᠡ ᠲᠠᠢ ᠬᠤᠯᠪᠣᠭᠳᠠᠭᠤᠯᠵᠤ ᠮᠡᠳᠡᠭᠦᠯᠭᠡ ᠥᠭᠬᠦ ᠪᠠᠷ ᠲᠥᠯᠥᠪᠯᠡᠵᠡᠢ᠃
ᠤᠯᠤᠰ ᠤᠨ ᠶᠡᠭᠡ ᠬᠤᠷᠠᠯ ᠤᠨ ᠲᠡᠦᠬᠡᠨ ᠳᠤ ᠠᠩᠬ᠎ᠠ ᠤᠳᠠᠭ᠎ᠠ ᠵᠣᠬᠢᠶᠠᠨ ᠪᠠᠶᠢᠭᠤᠯᠵᠤ ᠪᠠᠶᠢᠭ᠎ᠠ ᠨᠤᠲᠠᠯᠠᠬᠤ ᠪᠠᠷᠢᠮᠲᠠ ᠶᠢ ᠰᠢᠨᠵᠢᠯᠡᠨ ᠰᠤᠳᠤᠯᠬᠤ ᠰᠣᠨᠣᠰᠬᠠᠯ ᠳᠤ ᠬᠢᠨᠠᠨ ᠰᠢᠯᠭᠠᠬᠤ  ᠲᠦᠷ ᠬᠤᠷᠢᠶᠠᠨ ᠠᠴᠠ ᠲᠣᠮᠢᠯᠠᠭᠰᠠᠨ ᠬᠢᠨᠠᠨ ᠰᠢᠯᠭᠠᠭᠴᠢ᠂ ᠰᠢᠨᠵᠢᠭᠡᠴᠢ ᠨᠠᠷ ᠣᠷᠣᠯᠴᠠᠵᠤ ᠠᠵᠢᠯ ᠤᠨ ᠲᠠᠶᠢᠯᠤᠨ᠂ ᠰᠢᠨᠵᠢᠭᠡᠴᠢ ᠶᠢᠨ ᠳ᠋ᠦᠩᠨᠡᠯᠲᠡ ᠶᠢ ᠲᠠᠨᠢᠯᠴᠠᠭᠤᠯᠤᠨ᠎ᠠ᠃

ᠰᠡᠳᠬᠢᠭᠳᠡᠯ ᠦᠯᠡᠳᠡᠭᠡᠬᠦ