︽ᠮᠥᠰᠦᠨ ᠰᠤᠷ ᠤᠨ ᠬᠠᠷᠪᠤᠭ᠎ᠠ - 2023︾ᠰᠣᠶᠤᠯ ᠤᠨ ᠦᠶᠯᠡ ᠠᠵᠢᠯᠯᠠᠭ᠎ᠠ ᠪᠣᠯᠪᠠ | News.MN

︽ᠮᠥᠰᠦᠨ ᠰᠤᠷ ᠤᠨ ᠬᠠᠷᠪᠤᠭ᠎ᠠ – 2023︾ᠰᠣᠶᠤᠯ ᠤᠨ ᠦᠶᠯᠡ ᠠᠵᠢᠯᠯᠠᠭ᠎ᠠ ᠪᠣᠯᠪᠠ

ᠪᠠᠶᠠᠨ ᠥᠯᠥᠭᠡᠶ ᠠᠶᠢᠮᠠᠭ ᠤᠨ ᠡᠪᠦᠯ ᠤᠨ ᠠᠶᠠᠯᠠᠯ ᠵᠢᠭᠤᠯᠴᠢᠯᠠᠯ ᠤᠨ ᠦᠶᠯᠡ ᠠᠵᠢᠯᠯᠠᠭ᠎ᠠ ᠪᠣᠯᠬᠤ ᠠᠯᠲᠠᠢ ᠶᠢᠨ ᠤᠷᠢᠶᠠᠩᠬᠠᠢ ᠶᠢᠨ︽ᠮᠥᠰᠦᠨ ᠰᠤᠷ ᠤᠨ ᠬᠠᠷᠪᠤᠭ᠎ᠠ – 2023︾ᠲᠡᠮᠡᠴᠡᠭᠡᠨ ᠡᠨᠡ ᠰᠠᠷ᠎ᠠ ᠶᠢᠨ 14 ᠤ ᠡᠳᠦᠷ ᠲᠣᠯᠪᠤ ᠨᠠᠭᠤᠷ ᠤᠨ ᠮᠥᠰᠦᠨ ᠳᠡᠭᠡᠷ᠎ᠡ ᠪᠣᠯᠣᠯ᠎ᠠ᠃ ᠲᠡᠮᠡᠴᠡᠭᠡᠨ ᠳᠤ ᠪᠠᠶᠠᠨ ᠥᠯᠥᠭᠡᠶ᠂ ᠬᠤᠪᠳᠤ ᠠᠶᠢᠮᠠᠭ ᠠᠴᠠ 120 ᠬᠠᠷᠪᠤᠭᠠᠴᠢ ᠣᠷᠣᠯᠴᠠᠵᠤ᠂ ᠴᠡᠴᠡ ᠮᠡᠷᠭᠡᠨ ᠢᠶᠠᠨ ᠰᠣᠷᠢᠨ ᠥᠷᠢᠰᠦᠯᠳᠦᠪᠡ᠃
ᠲᠡᠮᠡᠴᠡᠭᠡᠨ ᠤ ᠨᠡᠶᠢᠯᠡᠪᠦᠷᠢ ᠳ᠋ᠦᠩ ᠢᠶᠠᠷ ᠬᠤᠪᠳᠤ ᠠᠶᠢᠮᠠᠭ ᠤᠨ ᠮᠥᠩᠬᠡᠬᠠᠶᠢᠷᠬᠠᠨ ᠰᠤᠮᠤ ᠶᠢᠨ ᠬᠠᠷᠪᠤᠭᠠᠴᠢ ᠳ᠋᠊ ·ᠰᠤᠨᠢᠨᠪᠤᠯᠤᠳ19  ᠤᠨᠤᠭ᠎ᠠ ᠪᠠᠷ ᠲᠡᠷᠢᠭᠦᠯᠡᠯ᠎ᠡ᠃ ᠪᠠᠶᠠᠨ ᠥᠯᠥᠭᠡᠶ ᠠᠶᠢᠮᠠᠭ ᠤᠨ ᠪᠤᠯᠠᠭᠠᠨ ᠰᠤᠮᠤ ᠶᠢᠨ ᠤᠤᠭᠠᠯ᠂ ᠬᠤᠪᠳᠤ ᠠᠶᠢᠮᠠᠭ ᠤᠨ ᠵᠢᠷᠭᠠᠯᠠᠩᠲᠤ ᠰᠤᠮᠤ ᠶᠢᠨ ᠬᠠᠷᠢᠶᠡᠳᠦ ᠳ᠋᠊ · ᠪᠠᠶᠠᠷᠰᠠᠶᠢᠬᠠᠨ 19 ᠤᠨᠤᠭ᠎ᠠ ᠪᠠᠷ᠂ ᠪᠠᠶᠠᠨ ᠥᠯᠥᠭᠡᠶ ᠠᠶᠢᠮᠠᠭ ᠤᠨ ᠪᠤᠯᠠᠭᠠᠨ ᠰᠤᠮᠤ ᠶᠢᠨ ᠬᠠᠷᠪᠤᠭᠠᠴᠢ ᠴ᠊ · ᠤᠳᠬᠤᠨᠳᠠᠯᠠᠢ 19 ᠤᠨᠤᠭ᠎ᠠ ᠪᠠᠷ ᠤᠳᠠᠭᠠᠬᠢ ᠪᠠᠶᠢᠷᠢ ᠨᠤᠭᠤᠳ ᠲᠤ  ᠲᠤᠰ  ᠲᠤᠰ ᠰᠢᠯᠭᠠᠷᠠᠯ᠎ᠠ᠃
ᠠᠯᠲᠠᠢ ᠶᠢᠨ ᠤᠷᠢᠶᠠᠩᠬᠠᠢ ᠶᠢᠨ︽ᠮᠥᠰᠦᠨ ᠰᠤᠷ ᠤᠨ ᠬᠠᠷᠪᠤᠭ᠎ᠠ︾ᠲᠡᠮᠡᠴᠡᠭᠡᠨ ᠢ ᠵᠢᠯ ᠪᠦᠷᠢ ᠶᠢᠨ ᠨᠢᠭᠡᠳᠦᠭᠡᠷ ᠰᠠᠷ᠎ᠠ ᠶᠢᠨ ᠬᠤᠶᠠᠳᠠᠬᠢ ᠳᠣᠯᠤᠭ᠎ᠠ ᠬᠤᠨᠤᠭ ᠤᠨ ᠬᠠᠭᠠᠰ ᠰᠠᠶᠢᠨ ᠡᠳᠦᠷ ᠵᠣᠬᠢᠶᠠᠨ ᠪᠠᠶᠢᠭᠤᠯᠳᠠᠭ ᠤᠯᠠᠮᠵᠢᠯᠠᠯ ᠲᠠᠢ᠃

ᠰᠡᠳᠬᠢᠭᠳᠡᠯ ᠦᠯᠡᠳᠡᠭᠡᠬᠦ