ᠠᠶᠤᠯᠭᠦᠢ ᠶᠢᠨ ᠵᠥᠪᠯᠡᠯ ᠤᠨ ᠨᠡᠭᠡᠭᠡᠯᠲᠡ ᠲᠠᠢ ᠬᠡᠯᠡᠯᠴᠡᠭᠦᠯᠭᠡ ᠳᠤ ᠮᠣᠩᠭᠣᠯ ᠤᠨ ᠲᠥᠯᠦᠭᠡᠯᠡᠭᠴᠢ ᠣᠷᠣᠯᠴᠠᠪᠠ | News.MN

ᠠᠶᠤᠯᠭᠦᠢ ᠶᠢᠨ ᠵᠥᠪᠯᠡᠯ ᠤᠨ ᠨᠡᠭᠡᠭᠡᠯᠲᠡ ᠲᠠᠢ ᠬᠡᠯᠡᠯᠴᠡᠭᠦᠯᠭᠡ ᠳᠤ ᠮᠣᠩᠭᠣᠯ ᠤᠨ ᠲᠥᠯᠦᠭᠡᠯᠡᠭᠴᠢ ᠣᠷᠣᠯᠴᠠᠪᠠ

ᠡᠨᠡ ᠣᠨ ᠤ ᠨᠢᠭᠡᠳᠦᠭᠡᠷ ᠰᠠᠷ᠎ᠠ ᠶᠢᠨ 12 ᠤ ᠡᠳᠦᠷ︽ᠣᠯᠠᠨ ᠤᠯᠤᠰ ᠤᠨ ᠡᠩᠬᠡ ᠲᠠᠶᠢᠪᠤᠩ᠂ ᠠᠶᠤᠯᠭᠦᠢ ᠪᠠᠶᠢᠳᠠᠯ ᠢ ᠬᠠᠩᠭᠠᠬᠤ ᠳᠤ ᠬᠠᠤᠯᠢ ᠳᠡᠭᠡᠳᠦᠯᠡᠬᠦ ᠶᠣᠰᠣ ᠶᠢ ᠬᠠᠩᠭᠠᠨ ᠪᠠᠬᠢᠵᠢᠭᠦᠯᠬᠦ ᠨᠢ︾ᠰᠡᠳᠦᠪᠲᠤ ᠰᠠᠶᠢᠳ ᠨᠠᠷ ᠤᠨ ᠲᠦᠪᠰᠢᠨ ᠤ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠠᠶᠤᠯᠭᠦᠢ ᠶᠢᠨ ᠵᠥᠪᠯᠡᠯ ᠤᠨ ᠨᠡᠭᠡᠭᠡᠯᠲᠡ ᠲᠠᠢ ᠬᠡᠯᠡᠯᠴᠡᠭᠦᠯᠭᠡ ᠪᠣᠯᠪᠠ᠃
ᠮᠣᠩᠭᠤᠯ ᠤᠯᠤᠰ ᠠᠴᠠ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠳᠡᠷᠭᠡᠳᠡ ᠰᠠᠭᠤᠭ᠎ᠠ ᠪᠠᠶᠢᠩᠭᠤ ᠶᠢᠨ ᠲᠥᠯᠦᠭᠡᠯᠡᠭᠴᠢ ᠸ᠊ · ᠡᠩᠬᠡᠪᠣᠯᠣᠳ  ᠲᠤᠰ ᠨᠡᠭᠡᠭᠡᠯᠲᠡ ᠲᠠᠢ ᠬᠡᠯᠡᠯᠴᠡᠭᠦᠯᠭᠡ ᠳᠤ ᠣᠷᠣᠯᠴᠠᠵᠤ᠂ ᠦᠭᠡ ᠬᠡᠯᠡᠪᠡ᠃ ᠲᠡᠷᠡ ᠪᠠᠷ ᠬᠡᠯᠡᠭᠰᠡᠨ ᠦᠭᠡᠨ ᠳᠡᠭᠡᠨ ᠮᠣᠩᠭᠤᠯ ᠤᠯᠤᠰ ᠬᠠᠤᠯᠢ ᠳᠡᠭᠡᠳᠦᠯᠡᠬᠦ ᠶᠣᠰᠣ ᠶᠢ ᠡᠷᠬᠢᠮᠯᠡᠵᠦ ᠢᠷᠡᠭᠰᠡᠨ ᠢ ᠨᠤᠲᠠᠯᠠᠵᠤ᠂ ᠡᠯ᠎ᠡ ᠬᠦᠷᠢᠶᠡᠨ ᠳᠤ︽ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡᠨ︾ ᠤ ᠮᠧᠬᠠᠨᠢᠰᠮ᠂ ᠮᠣᠩᠭᠤᠯ ᠤᠯᠤᠰ ᠤᠨ ᠴᠥᠮ᠎ᠡ ᠶᠢᠨ ᠵᠡᠪᠰᠡᠭ ᠦᠭᠡᠢ ᠰᠲ᠋ᠠᠲ᠋ᠦ᠋ᠰ ᠵᠡᠷᠭᠡ ᠣᠯᠠᠨ ᠤᠯᠤᠰ ᠤᠨ ᠡᠩᠬᠡ ᠲᠠᠶᠢᠪᠤᠩ᠂  ᠠᠶᠤᠯᠭᠦᠢ ᠪᠠᠶᠢᠳᠠᠯ ᠢ ᠬᠠᠩᠭᠠᠬᠤ ᠴᠢᠭᠯᠡᠯ ᠢᠶᠠᠷ ᠭᠠᠷᠭᠠᠭᠰᠠᠨ ᠰᠠᠨᠠᠯ᠂  ᠰᠠᠨᠠᠭᠠᠴᠢᠯᠠᠭ᠎ᠠ ᠨᠤᠭᠤᠳ᠂  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠡᠩᠬᠡ ᠶᠢ ᠰᠠᠬᠢᠭᠤᠯᠬᠤ ᠠᠵᠢᠯᠯᠠᠭᠠᠨ ᠳᠠᠬᠢ ᠣᠷᠣᠯᠴᠠᠭᠠᠨ ᠤ  ᠲᠠᠯ᠎ᠠ ᠪᠠᠷ ᠲᠠᠨᠢᠯᠴᠠᠭᠤᠯᠪᠠ᠃

ᠰᠡᠳᠬᠢᠭᠳᠡᠯ ᠦᠯᠡᠳᠡᠭᠡᠬᠦ