ᠮᠣᠩᠭᠤᠯ᠂ ᠰᠣᠯᠤᠩᠭᠤᠰ ᠤᠨ ᠬᠠᠮᠲᠤᠷᠠᠭᠰᠠᠨ ᠰᠤᠳᠤᠯᠭᠠᠨ ᠤ ᠲᠥᠪ ᠪᠠᠶᠢᠭᠤᠯᠤᠨ᠎ᠠ | News.MN

 ᠮᠣᠩᠭᠤᠯ᠂ ᠰᠣᠯᠤᠩᠭᠤᠰ ᠤᠨ ᠬᠠᠮᠲᠤᠷᠠᠭᠰᠠᠨ ᠰᠤᠳᠤᠯᠭᠠᠨ ᠤ ᠲᠥᠪ ᠪᠠᠶᠢᠭᠤᠯᠤᠨ᠎ᠠ

ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠠᠴᠠ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠺᠢᠮ ᠵᠦᠨ ᠭᠦ᠋ ᠶᠢ  ᠡᠭᠦᠷᠭᠡᠳᠤ ᠠᠵᠢᠯ ᠳᠤ ᠪᠠᠨ ᠣᠷᠣᠭᠰᠠᠨ ᠲᠠᠢ ᠨᠢ ᠬᠤᠯᠪᠤᠭᠳᠠᠭᠤᠯᠤᠨ ᠬᠦᠯᠢᠶᠡᠨ ᠠᠪᠴᠤ ᠠᠭᠤᠯᠵᠠᠵᠠᠢ᠃ ᠲᠡᠷᠡ ᠬᠥᠮᠥᠨ ᠤ ᠡᠷᠭᠡ᠂ ᠡᠷᠭᠡ ᠴᠢᠯᠦᠭᠡ᠂ ᠠᠷᠠᠳᠴᠢᠯᠠᠯ᠂ ᠵᠠᠬ᠎ᠠ ᠵᠡᠭᠡᠯᠢ ᠶᠢᠨ ᠨᠡᠶᠢᠲᠡᠯᠢᠭ ᠦᠨᠡᠲᠦ ᠵᠦᠢᠯᠡᠰ ᠲᠠᠢ᠂ ᠮᠠᠨ ᠤ ᠤᠯᠤᠰ ᠤᠨ ᠭᠤᠷᠪᠠᠳᠠᠭᠴᠢ ᠬᠦᠷᠰᠢ᠂ ᠣᠶᠢᠷ᠎ᠠ ᠲᠤᠲᠤᠨᠤ ᠵᠢᠨ ᠲᠦᠩᠰᠢ  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠲᠠᠢ ᠬᠥᠭᠵᠢᠭᠦᠯᠵᠦ ᠪᠤᠶ ᠬᠠᠷᠢᠯᠴᠠᠭᠠᠨ ᠳᠤ ᠦᠡᠳᠦᠷ ᠠᠴᠢ ᠬᠤᠯᠪᠣᠭᠳᠠᠯ ᠥᠭᠴᠦ ᠪᠤᠢ ᠪᠠᠨ ᠢᠯᠡᠷᠬᠡᠶᠢᠯᠡᠵᠡᠢ᠃

ᠡᠯᠴᠢᠨ ᠰᠠᠶᠢᠳ ᠺᠢᠮ ᠵᠦᠨ ᠭᠦ᠋  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ᠂ ᠮᠣᠩᠭᠤᠯ ᠤᠯᠤᠰ ᠤᠨ ᠤᠯᠤᠰ ᠲᠥᠷᠦ ᠶᠢᠨ ᠢᠲᠡᠭᠡᠯᠴᠡᠯ ᠢ ᠪᠠᠲᠤᠳᠬᠠᠨ ᠪᠠᠬᠢᠵᠢᠭᠦᠯᠵᠦ᠂ ᠬᠤᠳᠠᠯᠳᠤᠭ᠎ᠠ᠂ ᠬᠥᠷᠥᠩᠭᠡ ᠣᠷᠤᠭᠤᠯᠤᠯᠲᠠ ᠶᠢᠨ ᠡᠷᠭᠡ ᠵᠦᠢ ᠶᠢᠨ ᠣᠷᠴᠢᠨ ᠢ ᠲᠡᠭᠦᠯᠳᠡᠷᠵᠢᠭᠦᠯᠵᠦ᠂ ᠢᠷᠭᠡᠳ ᠤᠨ ᠬᠠᠷᠢᠯᠴᠠᠨ ᠵᠤᠷᠴᠢᠬᠤ ᠨᠥᠬᠦᠴᠡᠯ ᠢ ᠬᠦᠡᠭᠭᠡᠪᠴᠢᠯᠡᠬᠦ ᠴᠢᠭᠯᠡᠯ ᠳᠤ ᠢᠳᠡᠪᠬᠢᠯᠡᠨ ᠠᠵᠢᠯᠯᠠᠬᠤ ᠪᠠᠨ ᠢᠯᠡᠷᠬᠡᠶᠢᠯᠡᠭᠰᠡᠨ ᠪᠠᠶᠢᠨ᠎ᠡ᠃

ᠲᠡᠳᠡ︽ᠮᠣᠩᠭᠤᠯ᠂ ᠰᠣᠯᠤᠩᠭᠤᠰ ᠤᠨ ᠭᠠᠵᠠᠷ ᠤᠨ ᠬᠤᠪᠦᠷ ᠮᠧᠲ᠋ᠠᠯ ᠤᠨ ᠬᠠᠮᠲᠤᠷᠠᠭᠰᠠᠨ ᠰᠤᠳᠤᠯᠭᠠᠨ ᠤ ᠲᠥᠪ︾ ᠢ ᠮᠣᠩᠭᠤᠯ ᠤᠯᠤᠰ ᠲᠤ ᠪᠠᠶᠢᠭᠤᠯᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠲᠣᠮᠤᠬᠠᠨ ᠲᠥᠰᠥᠯ᠂ ᠬᠥᠲᠥᠯᠪᠦᠷᠢ ᠶᠢ ᠬᠠᠮᠲᠤᠷᠠᠨ ᠬᠡᠷᠡᠭᠵᠢᠭᠦᠯᠬᠦ ᠳᠤ ᠲᠦᠯᠬᠢᠭᠦᠦ ᠠᠩᠬᠠᠷᠴᠤ ᠠᠵᠢᠯᠯᠠᠬᠤ ᠪᠠᠷ ᠶᠠᠷᠢᠯᠴᠠᠵᠠᠢ᠃

ᠰᠡᠳᠬᠢᠭᠳᠡᠯ ᠦᠯᠡᠳᠡᠭᠡᠬᠦ