ᠯ᠊ ·ᠤᠶᠤᠡᠡᠷᠳᠡᠨᠢ ᠹᠷᠠᠨᠼᠢ ᠤᠯᠤᠰ ᠤᠨ ᠡᠯᠴᠢᠨ ᠰᠠᠶᠢᠳ ᠢ ᠬᠦᠯᠢᠶᠡᠨ ᠠᠪᠴᠤ ᠠᠭᠤᠯᠵᠠᠯ᠎ᠠ | News.MN

ᠯ᠊ ·ᠤᠶᠤᠡᠡᠷᠳᠡᠨᠢ ᠹᠷᠠᠨᠼᠢ ᠤᠯᠤᠰ ᠤᠨ ᠡᠯᠴᠢᠨ ᠰᠠᠶᠢᠳ ᠢ ᠬᠦᠯᠢᠶᠡᠨ ᠠᠪᠴᠤ ᠠᠭᠤᠯᠵᠠᠯ᠎ᠠ

ᠮᠣᠩᠭᠤᠯ ᠤᠯᠤᠰ ᠤᠨ ᠶᠡᠷᠦᠩᠬᠡᠶ ᠰᠠᠶᠢᠳ ᠯ᠊ ·ᠤᠶᠤᠡᠡᠷᠳᠡᠨᠢ ᠪᠦᠬᠦᠳᠠ ᠨᠠᠶᠢᠷᠠᠮᠳᠠᠬᠤ ᠹᠷᠠᠨᠼᠢ ᠤᠯᠤᠰ ᠠᠴᠠ ᠮᠠᠨ ᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠠ ᠡᠷᠬᠡᠲᠦ ᠡᠯᠴᠢᠨ ᠰᠠᠶᠢᠳ ᠰᠧᠪᠠᠰᠲ᠋ᠢᠶᠠᠨ ᠰᠦᠷᠦᠨ ᠢ ᠬᠦᠯᠢᠶᠡᠨ ᠠᠪᠴᠤ ᠠᠭᠤᠯᠵᠠᠵᠤ᠂ ᠬᠤᠶᠠᠷ ᠲᠠᠯ᠎ᠠ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃
ᠮᠣᠩᠭᠤᠯ ᠤᠯᠤᠰ ᠤᠨ ᠵᠠᠰᠠᠭ ᠤᠨ ᠭᠠᠵᠠᠷ ︽ᠰᠢᠨ᠎ᠡ ᠰᠡᠷᠭᠦᠯᠲᠡ ᠶᠢᠨ ᠪᠣᠳᠤᠯᠭ᠎ᠠ︾ᠬᠡᠷᠡᠭᠵᠢᠭᠦᠯᠵᠦ᠂ ᠪᠣᠭᠤᠮᠲᠠ᠂ ᠡᠷᠴᠢᠮ ᠬᠦᠴᠦ᠂ ᠠᠵᠤ ᠦᠢᠯᠡᠳᠪᠦᠷᠢ᠂ ᠬᠤᠳᠠ ᠬᠥᠳᠡᠭᠡ ᠶᠢᠨ ᠲᠡᠩᠴᠡᠪᠦᠷᠢᠲᠦ ᠬᠥᠭᠵᠢᠯ᠂ ᠨᠣᠭᠤᠭᠠᠨ ᠬᠥᠭᠵᠢᠯ᠂ ᠲᠥᠷᠦ ᠶᠢᠨ ᠪᠦᠲᠦᠭᠡᠮᠵᠢ ᠶᠢᠨ ᠵᠢᠷᠭᠤᠭᠠᠨ ᠪᠠᠭᠴᠠ ᠵᠣᠷᠢᠯᠲᠠ ᠶᠢᠨ ᠬᠦᠷᠢᠶᠡᠨ ᠳᠤ ᠪᠦᠲᠦᠭᠡᠨ ᠪᠠᠶᠢᠭᠤᠯᠤᠯᠲᠠ᠂ ᠬᠥᠷᠥᠩᠭᠡ ᠣᠷᠤᠭᠤᠯᠤᠯᠲᠠ ᠪᠡᠨ ᠲᠥᠪᠯᠡᠷᠡᠭᠦᠯᠦᠨ ᠠᠵᠢᠯᠯᠠᠵᠤ ᠪᠠᠶᠢᠭ᠎ᠠ ᠶᠢ ᠶᠡᠷᠦᠩᠬᠡᠶ ᠰᠠᠶᠢᠳ ᠲᠡᠮᠳᠡᠭᠯᠡᠭᠡᠳ ᠡᠳᠡᠭᠡᠷ ᠰᠠᠯᠪᠤᠷᠢ ᠳᠤ ᠹᠷᠠᠨᠼᠢ ᠤᠯᠤᠰ ᠲᠠᠢ ᠬᠠᠮᠲᠤᠷᠠᠨ ᠠᠵᠢᠯᠯᠠᠬᠤ ᠪᠣᠯᠣᠮᠵᠢ ᠨᠡᠭᠡᠭᠡᠯᠳᠡ  ᠲᠠᠢ ᠶᠢ ᠣᠨᠴᠠᠯᠠᠪᠠ᠃
2023 ᠣᠨ ᠮᠣᠩᠭᠤᠯ᠂ ᠹᠷᠠᠨᠼᠢ ᠬᠤᠶᠠᠷ ᠤᠯᠤᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠴᠢᠬᠤᠯᠠ ᠵᠢᠯ ᠪᠣᠯᠤᠨ᠎ᠠ ᠭᠡᠳᠡᠭ ᠲᠤ ᠢᠲᠡᠭᠡᠯ ᠲᠠᠢ ᠪᠠᠶᠢᠭ᠎ᠠ ᠪᠠᠨ ᠡᠯᠴᠢᠨ ᠰᠠᠶᠢᠳ ᠰᠧᠪᠠᠰᠲ᠋ᠢᠶᠠᠨ ᠰᠦᠷᠦᠨ ᠢᠯᠡᠷᠬᠡᠶᠢᠯᠡᠪᠡ᠃ ᠰᠤᠶᠦᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠬᠥᠳᠡᠭᠡ ᠠᠵᠤ ᠠᠬᠤᠢ ᠶᠢᠨ ᠰᠠᠯᠪᠤᠷᠢ ᠶᠢᠨ ᠬᠠᠮᠲᠤᠷᠠᠭᠰᠠᠨ ᠲᠥᠰᠥᠯ ᠤᠳ ᠠᠮᠵᠢᠯᠲᠠ ᠲᠠᠶ ᠬᠡᠷᠡᠭᠵᠢᠵᠦ ᠪᠠᠢᠭ᠎ᠠ ᠳᠤ ᠲᠡᠳᠡ ᠰᠠᠨᠠᠯ ᠨᠢᠭᠡᠲᠡᠶ ᠪᠠᠶᠢᠯ᠎ᠠ᠃

ᠰᠡᠳᠬᠢᠭᠳᠡᠯ ᠦᠯᠡᠳᠡᠭᠡᠬᠦ