ᠬᠠᠶᠢᠷ᠎ᠠ ᠶᠢᠨ ᠰᠢᠯᠦᠭ ᠦᠨ《ᠴᠠᠭᠠᠨ ᠠᠭᠤᠯᠠ》ᠢᠷᠠᠭᠤ ᠨᠠᠶᠢᠷᠠᠭ ᠤᠨ ᠨᠠᠭᠠᠳᠤᠮ 2023 ᠣᠨ ᠤ 02 ᠳ᠋ᠤᠭᠠᠷ ᠰᠠᠷ᠎ᠠ ᠶᠢᠨ 14 ᠳᠤ ᠰᠤᠶᠤᠯ ᠤᠨ ᠲᠥᠪ ᠥᠷᠭᠦᠭᠡᠨ ᠳᠦ 17᠄00 ᠴᠠᠭ ᠲᠤ ᠪᠣᠯᠤᠨ᠎ᠠ᠃《ᠪᠣᠯᠣᠷ ᠴᠣᠮᠣ》 ᠶᠢᠨ ᠡᠵᠡᠨ ᠠᠷᠯᠠᠨ ᠤ ᠡᠷᠳᠡᠨᠢᠸ᠋ᠴᠢᠷ ᠦᠨ ᠨᠡᠷᠡᠮᠵᠢᠲᠦ ᠪᠣᠯᠵᠤ ᠪᠤᠢ 22 ᠳᠠᠬᠢ ᠤᠳᠠᠭ᠎ᠠ ᠶᠢᠨ 《ᠴᠠᠭᠠᠨ ᠠᠭᠤᠯᠠ》ᠨᠠᠭᠠᠳᠤᠮ ᠤᠨ ᠬᠣᠶᠠᠳᠤᠭᠠᠷ ᠱᠠᠲᠤᠨ ᠳᠤ 24 ᠢᠷᠠᠭᠤ ᠨᠠᠶᠢᠷᠠᠭᠴᠢ ᠰᠢᠯᠭᠠᠷᠠᠨ ᠬᠠᠶᠢᠷ᠎ᠠ ᠶᠢᠨ ᠰᠢᠯᠦᠭ ᠢᠶᠡᠨ ᠡᠷᠭᠦᠬᠦ ᠶᠤᠮ᠃
ᠲᠤᠰ ᠨᠠᠭᠠᠳᠤᠮ ᠢ ᠮᠣᠩᠭᠣᠯ ᠤᠨ ᠵᠠᠯᠠᠭᠤᠴᠤᠳ ᠤᠨ ᠬᠣᠯᠪᠣᠭ᠎ᠠ᠂ ᠮᠤᠩᠭᠤᠯ ᠤᠨ ᠦᠨᠳᠦᠰᠦᠨ ᠦ ᠷᠠᠳᠢᠤ᠋ ᠲᠧᠯᠸᠢᠰ᠂ ᠨᠡᠶᠢᠰᠯᠡᠯ ᠦᠨ ᠰᠤᠶᠤᠯ ᠤᠷᠠᠯᠢᠭ ᠤᠨ ᠭᠠᠵᠠᠷ᠂ ᠨᠡᠶᠢᠰᠯᠡᠯ ᠦᠨ ᠰᠤᠶᠤᠯ ᠤᠨ ᠲᠥᠪ ᠥᠷᠭᠥᠭᠡ᠂ 《ᠤᠶᠤᠲᠤ》ᠭᠷᠦ᠋ᠫ᠂ 《ᠠᠷᠯᠠᠨ ᠤ ᠡᠷᠳᠡᠨᠢᠸ᠋ᠴᠢᠷ》ᠰᠠᠩ ᠬᠠᠮᠲᠤᠷᠠᠨ ᠵᠣᠬᠢᠶᠠᠨ ᠪᠠᠶᠢᠭᠤᠯᠵᠤ ᠪᠠᠶᠢᠨ᠎ᠠ᠃