ᠳᠡᠳ᠋ ᠰᠠᠶᠢᠳ ᠭ ∙ ᠠᠮᠤᠷᠲᠦ᠋ᠪᠰᠢᠨ ᠡᠯᠴᠢᠨ ᠰᠠᠶᠢᠳ ᠶᠠᠩ ᠸᠢᠲ᠋ᠤᠫᠢᠯ ᠢ ᠬᠦᠯᠢᠶᠡᠨ ᠠᠪᠴᠤ ᠠᠭᠤᠯᠵᠠᠪᠠ | News.MN

ᠳᠡᠳ᠋ ᠰᠠᠶᠢᠳ ᠭ ∙ ᠠᠮᠤᠷᠲᠦ᠋ᠪᠰᠢᠨ ᠡᠯᠴᠢᠨ ᠰᠠᠶᠢᠳ ᠶᠠᠩ ᠸᠢᠲ᠋ᠤᠫᠢᠯ ᠢ ᠬᠦᠯᠢᠶᠡᠨ ᠠᠪᠴᠤ ᠠᠭᠤᠯᠵᠠᠪᠠ

ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠭ ∙ ᠠᠮᠤᠷᠲᠦ᠋ᠪᠰᠢᠨ ᠪᠦᠭᠦᠳᠡ ᠨᠠᠶᠢᠷᠠᠮᠳᠠᠬᠤ ᠴᠧᠾ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠶᠠᠩ ᠸᠢᠲ᠋ᠤᠫᠢᠯ  ᠢ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠶᠢᠨ ᠦᠶ᠎ᠡ ᠪᠡᠷ ᠡᠯᠴᠢᠨ ᠰᠠᠶᠢᠳ ᠶᠠᠩ ᠸᠢᠲ᠋ᠤᠫᠢᠯ《ᠨᠡᠶᠢᠭᠡᠮ ᠤᠨ ᠬᠠᠮᠠᠭᠠᠯᠠᠯ ᠤᠨ ᠲᠤᠬᠠᠢ ᠮᠣᠩᠭᠣᠯ ᠤᠯᠤᠰ ᠪᠣᠯᠤᠨ ᠪᠦᠭᠦᠳᠡ ᠨᠠᠶᠢᠷᠠᠮᠳᠠᠬᠤ ᠴᠧᠾ ᠤᠯᠤᠰ ᠬᠣᠭᠣᠷᠣᠨᠳᠣ ᠶᠢᠨ ᠬᠡᠯᠡᠯᠴᠡᠭᠡᠷ》  ᠢ ᠬᠦᠴᠦᠨ ᠲᠡᠭᠦᠯᠳᠡᠷ ᠪᠣᠯᠭᠠᠬᠤ ᠳᠤ ᠱᠠᠭᠠᠷᠳᠠᠭᠳᠠᠬᠤ ᠳᠣᠲᠣᠭᠠᠳᠤ ᠶᠢᠨ ᠬᠠᠤᠯᠢ ᠲᠣᠭᠲᠠᠭᠠᠮᠵᠢ ᠶᠢᠨ ᠱᠠᠭᠠᠷᠳᠠᠯᠭ᠎ᠠ ᠶᠢ ᠴᠧᠾ ᠤᠯᠤᠰ ᠪᠦᠷᠢᠨ ᠬᠠᠩᠭᠠᠭᠰᠠᠨ ᠲᠤᠬᠠᠢ ᠮᠡᠳᠡᠭᠳᠡᠭᠰᠡᠨ ᠨᠣᠲ᠋ᠠ ᠪᠢᠴᠢᠭ ᠢ ᠳᠡᠳ᠋ ᠰᠠᠶᠢᠳ ᠭ ∙ ᠠᠮᠤᠷᠲᠦ᠋ᠪᠰᠢᠨ  ᠳᠦ ᠭᠠᠷᠳᠠᠭᠤᠯᠪᠠ᠃
ᠬᠤᠶᠠᠷ ᠲᠠᠯ᠎ᠠ《ᠨᠡᠶᠢᠭᠡᠮ ᠤᠨ ᠬᠠᠮᠠᠭᠠᠯᠠᠯ ᠤᠨ ᠲᠤᠬᠠᠢ ᠮᠣᠩᠭᠣᠯ ᠤᠯᠤᠰ ᠪᠣᠯᠤᠨ ᠪᠦᠭᠦᠳᠡ ᠨᠠᠶᠢᠷᠠᠮᠳᠠᠬᠤ ᠴᠧᠾ ᠤᠯᠤᠰ ᠬᠣᠭᠣᠷᠣᠨᠳᠣ ᠶᠢᠨ ᠬᠡᠯᠡᠯᠴᠡᠭᠡᠷ》ᠲᠤ 2019 ᠣᠨ ᠤ 5 ᠳ᠋ᠤᠭᠠᠷ ᠰᠠᠷ᠎ᠠ ᠳᠤ ᠫᠠᠷᠠᠭ᠎ᠠ ᠬᠤᠲᠠᠨ᠎ᠠ ᠭᠠᠷ ᠤᠨ ᠦᠰᠦᠭ ᠵᠢᠷᠤᠵᠤ᠂ ᠬᠡᠯᠡᠯᠴᠡᠭᠡᠷ ᠢ ᠬᠡᠷᠡᠭᠵᠢᠭᠦᠯᠬᠦ ᠤᠳᠤᠷᠢᠳᠤᠯᠭ᠎ᠠ ᠶᠢᠨ ᠲᠣᠬᠢᠷᠠᠯᠴᠠᠭᠠᠨ ᠳᠤ 2023 ᠣᠨ ᠤ ᠨᠢᠭᠡᠳᠦᠭᠡᠷ ᠰᠠᠷ᠎ᠠ ᠳᠤ ᠤᠯᠠᠭᠠᠨᠪᠠᠭᠠᠲᠤᠷ ᠬᠤᠲᠠᠨ᠎ᠠ ᠭᠠᠷ ᠤᠨ ᠦᠰᠦᠭ ᠵᠢᠷᠤᠭᠰᠠᠨ ᠶᠤᠮ᠃ ᠤᠭ ᠬᠡᠯᠡᠯᠴᠡᠭᠡᠷ ᠦᠨ 29 ᠳ᠋ᠦ᠋ᠭᠡᠷ ᠵᠦᠢᠯ ᠦᠨ ᠬᠤᠶᠠᠳᠠᠬᠢ ᠬᠡᠰᠡᠭ ᠲᠦ ᠵᠢᠭᠠᠭᠰᠠᠨ ᠤ ᠳᠠᠭᠠᠤ ᠬᠡᠯᠡᠯᠴᠡᠭᠡᠷ 2023 ᠣᠨ ᠤ 3 ᠳ᠋ᠤᠭᠠᠷ ᠰᠠᠷ᠎ᠠ ᠶᠢᠨ ᠨᠢᠭᠡᠨ ᠡᠴᠡ ᠬᠦᠴᠦᠨ ᠲᠡᠭᠦᠯᠳᠡᠷ ᠪᠣᠯᠤᠨ᠎ᠠ᠃ ᠴᠢᠩᠭᠢᠭᠰᠡᠨ ᠢᠶᠡᠷ ᠴᠧᠾ ᠤᠯᠤᠰ ᠲᠤ ᠠᠵᠢᠯᠯᠠᠵᠤ᠂ ᠠᠮᠢᠳᠤᠷᠠᠵᠤ ᠪᠤᠢ ᠮᠠᠨ ᠤ 12 ᠭᠠᠷᠤᠢ ᠮᠢᠩᠭᠠᠨ ᠢᠷᠭᠡᠨ ᠦ ᠨᠡᠶᠢᠭᠡᠮ ᠤᠨ ᠬᠠᠮᠠᠭᠠᠯᠠᠯ ᠤᠨ ᠡᠷᠬᠡ ᠬᠠᠩᠭᠠᠭᠳᠠᠬᠤ ᠪᠣᠯᠤᠮᠵᠢ ᠪᠥᠷᠢᠳᠴᠦ ᠪᠠᠶᠢᠨ᠎ᠠ᠃

ᠰᠡᠳᠬᠢᠭᠳᠡᠯ ᠦᠯᠡᠳᠡᠭᠡᠬᠦ