ᠭᠤᠷᠪᠠᠨ ᠰᠤᠷᠭᠠᠭᠤᠯᠢ ᠲᠤᠲᠤᠮ ᠤᠨ ᠨᠢᠭᠡ ᠳᠦ ᠮᠡᠷᠭᠡᠵᠢᠯ ᠦᠨ ᠰᠡᠳᠬᠢᠯ ᠵᠦᠢᠴᠢ ᠠᠵᠢᠯᠯᠠᠵᠤ ᠪᠠᠶᠢᠨ᠎ᠠ | News.MN

ᠭᠤᠷᠪᠠᠨ ᠰᠤᠷᠭᠠᠭᠤᠯᠢ ᠲᠤᠲᠤᠮ ᠤᠨ ᠨᠢᠭᠡ ᠳᠦ ᠮᠡᠷᠭᠡᠵᠢᠯ ᠦᠨ ᠰᠡᠳᠬᠢᠯ ᠵᠦᠢᠴᠢ ᠠᠵᠢᠯᠯᠠᠵᠤ ᠪᠠᠶᠢᠨ᠎ᠠ

ᠪᠤᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ ᠤ ᠰᠠᠶᠢᠳ ᠯ ∙ ᠡᠩᠬᠡ-ᠠᠮᠤᠭᠤᠯᠠᠩ ᠥᠨᠥᠳᠥᠷ ᠦᠨ ᠬᠤᠷᠠᠯ ᠢᠶᠠᠷ ᠰᠠᠯᠪᠤᠷᠢ ᠶᠢᠨ ᠪᠣᠳᠣᠯᠭ᠎ᠠ᠂ ᠰᠢᠢᠳᠪᠦᠷᠢ ᠶᠢᠨ ᠲᠠᠯ᠎ᠠ ᠪᠠᠷ ᠲᠠᠨᠢᠯᠴᠠᠭᠤᠯᠤᠯ᠎ᠠ᠃
ᠲᠡᠷᠡ ᠪᠡᠷ᠄ ᠪᠣᠯᠪᠠᠰᠤᠷᠠᠯ ᠤᠨ ᠪᠠᠶᠢᠭᠤᠯᠤᠯᠭ᠎ᠠ ᠳᠤ ᠰᠡᠳᠬᠢᠯ ᠵᠦᠢᠴᠢ ᠲᠡᠢ ᠪᠣᠯᠬᠤ ᠠᠰᠠᠭᠤᠳᠠᠯ ᠣᠯᠠᠨ ᠵᠢᠯ ᠶᠠᠷᠢᠭᠳᠠᠭᠰᠠᠨ ᠴᠤ ᠰᠠᠶ᠋ᠢᠬᠠᠨ ᠠᠴᠠ ᠠᠵᠢᠯ ᠬᠡᠷᠡᠭ ᠪᠣᠯᠵᠤ ᠡᠬᠢᠯᠡᠭᠰᠡᠨ᠃ 2021 ᠣᠨ ᠤ ᠬᠢᠴᠢᠶᠡᠯ ᠦᠨ ᠵᠢᠯ ᠡᠴᠡ ᠡᠬᠢᠯᠡᠭᠦᠯᠦᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ  ᠨᠤᠭᠤᠳ ᠲᠤ ᠰᠡᠳᠬᠢᠯ ᠵᠦᠢᠴᠢ ᠠᠵᠢᠯᠯᠠᠵᠤ ᠪᠠᠶᠢᠨ᠎ᠠ᠃ ᠰᠡᠳᠬᠢᠯ ᠵᠦᠢᠴᠢᠳ ᠢ ᠮᠡᠷᠭᠡᠰᠢᠭᠦᠯᠬᠦ ᠠᠵᠢᠯ ᠤᠨ ᠬᠦᠷᠢᠶᠡᠨ ᠳᠦ ᠳᠥᠷᠪᠡᠨ ᠤᠳᠠᠭ᠎ᠠ ᠶᠢᠨ ᠰᠤᠷᠭᠠᠯᠲᠠ ᠵᠣᠬᠢᠶᠠᠨ ᠪᠠᠶᠢᠭᠤᠯᠵᠤ᠂ ᠨᠡᠶᠢᠲᠡ 207 ᠰᠡᠳᠬᠢᠯ ᠵᠦᠢᠴᠢ ᠪᠡᠯᠡᠳᠬᠡᠭᠰᠡᠨ᠃ ᠲᠡᠳᠡᠨ ᠦ ᠬᠤᠪᠢ ᠳᠤ ᠰᠤᠷᠤᠭᠴᠢᠳ᠂ ᠡᠴᠢᠭᠡ ᠡᠬᠡ᠂ ᠠᠰᠠᠷᠠᠨ ᠬᠠᠮᠠᠭᠠᠯᠠᠭᠴᠢᠳ᠂ ᠪᠠᠭᠰᠢ᠂ ᠠᠵᠢᠯᠴᠢᠳ ᠲᠤ ᠮᠡᠷᠭᠡᠵᠢᠯ ᠦᠨ ᠰᠡᠳᠬᠢᠯ ᠵᠦᠢ ᠶᠢᠨ ᠵᠦᠪᠯᠡᠯᠭᠡ᠂ ᠦᠢᠯᠡᠴᠢᠯᠡᠭᠡ ᠦᠵᠡᠭᠦᠯᠵᠦ ᠪᠠᠶᠢᠭ᠎ᠠ᠃
ᠡᠨᠡ ᠬᠢᠴᠢᠶᠡᠯ ᠦᠨ ᠵᠢᠯ ᠳᠦ ᠲᠥᠷᠥ ᠶᠢᠨ ᠥᠮᠴᠢ ᠶᠢᠨ ᠭᠤᠷᠪᠠᠨ ᠰᠤᠷᠭᠠᠭᠤᠯᠢ ᠲᠤᠲᠤᠮ ᠤᠨ ᠨᠢᠭᠡ ᠨᠢ ᠰᠡᠳᠬᠢᠯ ᠵᠦᠢᠴᠢ ᠲᠡᠢ ᠠᠵᠢᠯᠯᠠᠵᠤ ᠪᠠᠶᠢᠨ᠎ᠠ᠃ ᠴᠢᠨᠠᠭᠰᠢᠳᠠ ᠴᠤ ᠡᠨᠡ ᠲᠣᠭ᠎ᠠ ᠶᠢ ᠨᠡᠮᠡᠭᠳᠡᠭᠦᠯᠵᠦ᠂ ᠰᠤᠷᠭᠠᠭᠤᠯᠢ ᠪᠤᠯᠭᠠᠨ ᠢ ᠰᠡᠳᠬᠢᠯ ᠵᠦᠢᠴᠢ ᠲᠡᠢ ᠪᠣᠯᠭᠠᠬᠤ ᠳᠤ ᠠᠩᠬᠠᠷᠴᠤ᠂ ᠬᠡᠦᠬᠡᠳ ᠦᠨ ᠨᠡᠶᠢᠭᠡᠮ᠂ ᠰᠡᠳᠬᠢᠯ ᠵᠦᠢ ᠶᠢᠨ ᠠᠰᠠᠭᠤᠳᠠᠯ ᠢ ᠰᠢᠢᠳᠪᠦᠷᠢᠯᠡᠨ ᠠᠵᠢᠯᠯᠠᠬᠤ ᠶᠢ ᠴᠢᠬᠤᠯᠠᠴᠢᠯᠠᠨ᠎ᠠ ᠭᠡᠳᠡᠭ ᠢ ᠣᠨᠴᠠᠯᠠᠯ᠎ᠠ᠃

ᠰᠡᠳᠬᠢᠭᠳᠡᠯ ᠦᠯᠡᠳᠡᠭᠡᠬᠦ