ᠤᠯᠤᠰ ᠤᠨ ᠶᠡᠭᠡ ᠬᠤᠷᠠᠯ ᠤᠨ ᠳᠠᠷᠤᠭ᠎ᠠ ᠬ᠋᠊ · ᠽᠠᠨᠳᠠᠨᠰᠢᠲᠠᠷ᠎ᠠ ᠶᠠᠫᠤᠨ ᠤᠯᠤᠰ ᠤᠨ ᠫᠠᠷᠯᠠᠮᠧᠨ᠋ᠲ ᠤᠨ ᠵᠥᠪᠯᠡᠬᠦ ᠨᠤᠭᠦᠳ ᠤᠨ ᠲᠠᠩᠬᠢᠮ ᠤᠨ ᠳᠠᠷᠤᠭ᠎ᠠ ᠬ᠊·ᠤᠴᠤᠵᠢ ᠶᠢᠨ ᠤᠷᠢᠯᠭ᠎ᠠ ᠪᠠᠷ ᠭᠤᠷᠪᠠᠳᠤᠭᠠᠷ ᠰᠠᠷ᠎ᠠ ᠶᠢᠨ 1-5 ᠤ ᠡᠳᠦᠷ ᠤᠳ ᠲᠤ ᠶᠠᠫᠤᠨ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠨ᠎ᠡ᠃
ᠡᠨᠡ ᠬᠦ ᠠᠶᠢᠯᠴᠢᠯᠠᠯ ᠤᠨ ᠭᠤᠣᠯ ᠵᠣᠷᠢᠯᠭ᠎ᠠ ᠨᠢ ᠮᠣᠩᠭᠤᠯ ᠤᠯᠤᠰ᠂ ᠶᠠᠫᠤᠨ ᠤᠯᠤᠰ ᠤᠨ ᠬᠠᠷᠢᠯᠴᠠᠭ᠎ᠠ ᠶᠢ︽ᠡᠩᠬᠡ ᠲᠠᠶᠢᠪᠤᠩ᠂ ᠬᠥᠭᠵᠢᠯ ᠴᠡᠴᠡᠭᠯᠡᠯᠲᠡ ᠶᠢᠨ ᠲᠥᠯᠥᠭᠡᠬᠢ ᠲᠤᠰᠬᠠᠶ ᠰᠲᠷᠠᠲ᠋ᠧᠭᠢ ᠶᠢᠨ ᠲᠦᠩᠰᠢᠯᠡᠯ︾ ᠶᠢᠨ ᠲᠦᠪᠰᠢᠨ ᠳᠤ ᠭᠦᠨᠵᠡᠭᠡᠶᠢᠷᠡᠭᠦᠯᠦᠨ ᠬᠥᠭᠵᠢᠭᠦᠯᠬᠦ᠂ ᠲᠡᠭᠡᠳᠦ᠂ ᠦᠡᠳᠦᠷ ᠲᠦᠪᠰᠢᠨ ᠤ ᠬᠠᠷᠢᠯᠴᠠᠨ ᠠᠶᠢᠯᠴᠢᠯᠠᠯ ᠤᠨ ᠳᠠᠪᠲᠠᠮᠵᠢ ᠶᠢ ᠬᠠᠳᠠᠭᠠᠯᠠᠬᠤ᠂ ᠬᠠᠷᠢᠯᠴᠠᠭᠠᠨ ᠤ ᠡᠷᠭᠡ ᠵᠦᠢ ᠶᠢᠨ ᠣᠷᠴᠢᠨ ᠢ ᠪᠠᠬᠢᠵᠢᠭᠦᠯᠬᠦ᠂ ᠬᠤᠶᠠᠷ ᠤᠯᠤᠰ ᠤᠨ ᠬᠠᠤᠯᠢ ᠲᠤᠬᠳᠡᠭᠠᠬᠤ ᠲᠡᠭᠡᠳᠦ ᠪᠠᠶᠢᠭᠤᠯᠤᠯᠭ᠎ᠠ ᠬᠤᠭᠤᠷᠤᠨᠳᠤ ᠶᠢᠨ ᠬᠡᠯᠬᠢᠶ᠎ᠡ ᠬᠤᠯᠪᠣᠭ᠎ᠠ ᠶᠢ ᠪᠠᠲᠤᠳᠬᠠᠬᠤ᠂ ᠫᠠᠷᠯᠠᠮᠧᠨ᠋ᠲ ᠲᠤ ᠬᠢ ᠨᠠᠶᠢᠷᠠᠮᠳᠠᠯ ᠤᠨ ᠪᠦᠯᠦᠭ᠂ ᠲᠠᠮᠠᠭ᠎ᠠ ᠶᠢᠨ ᠭᠠᠵᠠᠷ ᠬᠤᠭᠤᠷᠤᠨᠳᠤ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠳᠤ ᠣᠷᠣᠰᠢᠵᠤ ᠪᠤᠶ᠃
ᠬ᠋᠊ ·ᠽᠠᠨᠳᠠᠨᠰᠢᠲᠠᠷ᠎ᠠ ᠶᠠᠫᠤᠨ ᠤᠯᠤᠰ ᠤᠨ ᠫᠠᠷᠯᠠᠮᠧᠨ᠋ᠲ ᠤᠨ ᠵᠥᠪᠯᠡᠬᠦ ᠨᠤᠭᠦᠳ ᠤᠨ ᠲᠠᠩᠬᠢᠮ ᠤᠨ ᠳᠠᠷᠤᠭ᠎ᠠ ᠬ᠊ ·ᠤᠴᠤᠵᠢ᠂ ᠶᠠᠫᠤᠨ ᠤᠯᠤᠰ ᠤᠨ ᠫᠠᠷᠯᠠᠮᠧᠨ᠋ᠲ ᠤᠨ ᠲᠥᠯᠥᠭᠡᠯᠡᠭᠴᠢᠳ ᠤᠨ ᠲᠠᠩᠬᠢᠮ ᠤᠨ ᠳᠠᠷᠤᠭ᠎ᠠ ᠬ᠊ ·ᠾᠤᠰᠤᠳᠠ᠂ ᠶᠠᠫᠤᠨ ᠤᠯᠤᠰ ᠤᠨ ᠶᠡᠷᠦᠩᠬᠡᠶ ᠰᠠᠶᠢᠳ ᠹ᠊ ·ᠺᠢᠱᠢᠳᠠ ᠨᠠᠷ ᠲᠠᠢ ᠠᠯᠪᠠᠨ ᠶᠣᠰᠣᠨ ᠤ ᠠᠭᠤᠯᠵᠠᠯᠲᠠ ᠬᠢᠨ᠎ᠡ᠃